ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠬᠤᠷᠠᠯᠳᠤᠭᠤᠯᠪᠠ  ᠠᠷᠢᠭᠤᠨ ᠳᠠᠷᠬᠠᠨ ᠡᠭᠦᠷᠭᠡ ᠪᠠᠨ ᠦᠨᠡᠨᠴᠢ ᠪᠠᠷ ᠪᠡᠶᠡᠯᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠲᠣᠭᠲᠠᠭᠤᠨ ᠢᠶᠠᠷ ᠠᠬᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠢ ᠪᠠᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2024/1/16
      ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠤ ᠳᠠᠷᠤᠭ᠎ᠠ ᠨᠠᠷ ᠤᠨ ᠬᠤᠷᠠᠯᠳᠤᠭᠠᠨ 14 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠤᠶᠢᠪᠢᠰᠢ ᠦᠭᠡᠶ ᠲᠤᠭᠤᠰᠢᠯᠠᠭᠤᠯᠵᠤ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠥᠨᠳᠥᠷ ᠲᠦᠪᠰᠢᠨ ᠢᠶᠠᠷ ᠠᠮᠤᠷ ᠲᠦᠪᠰᠢᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠡᠩᠨᠡᠭᠡ ᠶᠢ ᠠᠳᠬᠤᠬᠤ᠂ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠵᠣᠯ ᠵᠢᠷᠭᠠᠯ ᠪᠠ ᠠᠮᠤᠷ ᠲᠣᠭᠲᠠᠭᠤᠨ ᠢ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠲᠣᠭᠲᠠᠭᠤᠨ ᠢᠶᠠᠷ ᠠᠬᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠶᠡᠷᠦᠩᠬᠡᠢ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠢᠯᠡ ᠲᠣᠳᠣᠷᠬᠠᠢ ᠳᠤᠷᠠᠳᠴᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠢᠳᠤᠨᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠢ ᠭᠦᠨᠵᠡᠭᠡᠶ ᠵᠠᠳᠠᠯᠤᠭᠰᠠᠨ ᠰᠠᠭᠤᠷᠢᠨ ᠳᠡᠭᠡᠷ᠎ᠡ᠂ ᠡᠨᠡ ᠵᠢᠯ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠢᠰᠲ᠋ᠧᠮ ᠲᠠᠢ ᠪᠠᠷ ᠪᠠᠶᠢᠷᠢᠯᠠᠭᠤᠯᠪᠠ᠃ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠮᠥᠨ ᠴᠤ ᠳᠣᠲᠣᠭᠠᠳᠤ ᠶᠢ ᠬᠠᠮᠠᠭᠠᠯᠠᠬᠤ ᠠᠵᠢᠯ ᠤᠨ ᠢᠷᠠᠭᠤ ᠠᠯᠳᠠᠷ ᠢ ᠦᠷᠭᠦᠯᠵᠢᠯᠡᠨ ᠪᠢᠴᠢᠭᠯᠡᠬᠦ‍ ᠨᠢᠭᠡ ᠵᠢᠯ ᠪᠣᠯᠤᠨ᠎ᠠ᠃ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠶᠢᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠢᠶᠠᠷ ᠬᠥᠳᠡᠯᠭᠡᠬᠦ ᠬᠦᠴᠦᠨ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠰᠢᠷᠢᠰ ᠲᠤᠰᠬᠠᠢ ᠠᠵᠢᠯᠯᠠᠭ᠎ᠠ ᠲᠤᠰᠬᠠᠢ ᠠᠵᠢᠯ ᠢᠶᠠᠷ ᠠᠴᠢᠶᠠᠯᠠᠪᠤᠷᠢ ᠪᠣᠯᠭᠠᠵᠤ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠠᠬᠢᠭᠤᠯᠵᠤ᠂ ᠰᠠᠭᠤᠷᠢ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠤᠷᠳᠤ ᠬᠤᠭᠤᠴᠠᠭ᠎ᠠ ᠪᠠᠷ ᠡᠩᠨᠡᠭᠡ ᠶᠢ ᠠᠳᠬᠤᠵᠤ᠂ ᠬᠠᠮᠢᠶᠠᠷᠤᠯᠲᠠ ᠶᠢ ᠴᠢᠩᠳᠠᠯᠠᠵᠤ᠂ ᠰᠤᠷᠲᠠᠯ ᠰᠠᠬᠢᠯᠭ᠎ᠠ ᠶᠢ ᠲᠥᠪ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠬᠥᠭᠵᠢᠯᠲᠡ ᠰᠢᠨ᠎ᠡ ᠲᠠᠪᠰᠢᠯᠳᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠬᠥᠲᠥᠯᠥᠨ ᠵᠠᠮᠴᠢᠯᠠᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ ᠥᠩᠭᠡᠷᠡᠭᠰᠡᠨ ᠨᠢᠭᠡ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠦᠢᠯᠡᠳᠦᠯᠭᠡ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ︽ᠵᠢᠷᠭᠤᠭᠠᠨ ᠲᠠᠯ᠎ᠠ︾ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ᠂ ᠲᠤᠬᠠᠶᠢᠯᠠᠪᠠᠯ ᠡᠷᠬᠡᠪᠰᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠷᠬᠡᠪᠰᠢ ᠦᠨᠳᠦᠰᠦᠨ ᠱᠠᠳᠤ ᠶᠢ ᠶᠡᠬᠡᠪᠡᠷ ᠠᠳᠬᠤᠵᠤ ᠰᠠᠭᠤᠷᠢ ᠶᠢ ᠶᠡᠬᠡᠪᠡᠷ ᠠᠳᠬᠤᠬᠤ ᠶᠢ ᠪᠠᠷᠢᠮᠲᠠᠯᠠᠵᠤ᠂ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠡᠨᠡ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢᠨ ᠲᠦᠷᠢᠮ ᠲᠣᠭᠲᠠᠴᠠ ᠶᠢ ᠥᠨᠳᠥᠷ ᠵᠣᠭᠰᠣᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭᠠᠨ ᠤ ᠤᠳᠤᠷᠢᠳᠤᠯᠭ᠎ᠠ ᠶᠢ ᠲᠤᠪᠤᠶᠢᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠤᠯᠤᠰ ᠲᠦᠷᠦ ᠶᠢᠨ ᠤᠳᠤᠷᠢᠳᠤᠯᠭ᠎ᠠ ᠶᠢ ᠲᠤᠪᠤᠶᠢᠯᠭᠠᠵᠤ᠂ ᠤᠯᠤᠰ ᠲᠦᠷᠦ ᠶᠢᠨ ᠲᠠᠯ᠎ᠠ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠪᠠᠶᠢᠭᠤᠯᠬᠤ ᠪᠠ ᠡᠵᠡᠮᠰᠢᠬᠦ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠩᠭ᠎ᠠ ᠠᠳᠬᠤᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠳᠤᠪᠤᠶᠢᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠰᠢᠯᠢᠳᠡᠭ ᠢ ᠰᠣᠩᠭᠤᠨ ᠰᠢᠯᠢᠳᠡᠭ ᠢ ᠲᠤᠬᠢᠷᠠᠭᠤᠯᠵᠤ᠂ ᠳᠠᠰᠤᠷᠠᠯᠳᠠ ᠦᠭᠡᠢ ᠨᠢᠭᠲᠠ ᠴᠢᠩᠭ᠎ᠠ ᠪᠥᠭᠡᠳ ᠳᠡᠭᠡᠷ᠎ᠡ ᠳᠣᠣᠷ᠎ᠠ ᠨᠢ ᠨᠡᠪᠲᠡᠷᠡᠭᠰᠡᠨ᠂ ᠬᠦᠴᠦᠲᠡᠢ ᠬᠡᠷᠡᠭᠵᠢᠭᠦᠯᠦᠭᠰᠡᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠥᠨᠳᠥᠷ ᠪᠠᠷᠢᠮᠵᠢᠶ᠎ᠠ ᠪᠠᠷ ᠬᠠᠮᠠᠭᠠᠯᠠᠬᠤ ᠬᠡᠷᠡᠭᠲᠡᠢ᠃ ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠨᠤᠷᠠᠭᠠᠬᠤ᠂ ᠲᠦᠢᠪᠡᠭᠡᠬᠦ᠂ ᠡᠪᠳᠡᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠴᠦ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠰᠦᠯᠵᠢᠶᠡᠨ ᠳᠡᠭᠡᠷᠡᠬᠢ ᠲᠡᠮᠡᠴᠡᠯ ᠢ ᠭᠦᠨᠵᠡᠭᠡᠶᠢᠷᠡᠭᠦᠯᠵᠦ᠂ ᠰᠦᠯᠵᠢᠶᠡᠨ ᠤ ᠤᠯᠤᠰ ᠲᠦᠷᠦ ᠶᠢᠨ ᠴᠤᠤᠷᠬᠠᠯ ᠪᠠ ᠬᠤᠣᠷ ᠬᠥᠨᠥᠭᠡᠯ ᠲᠠᠢ ᠮᠡᠳᠡᠭᠡ ᠵᠠᠩᠭᠢ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠲᠡᠭᠦᠨ ᠢ ᠴᠡᠭᠴᠡᠯᠡᠨ ᠵᠠᠰᠠᠬᠤ ᠬᠡᠷᠡᠭᠲᠡᠢ᠃ ᠰᠦᠷᠳᠡᠭᠦᠯᠦᠯ ᠢ ᠡᠰᠡᠷᠭᠦᠴᠡᠬᠦ ᠬᠠᠭᠠᠴᠠᠭᠤᠯᠤᠯ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠰᠦᠷᠳᠡᠭᠦᠯᠦᠯ ᠢ ᠡᠰᠡᠷᠭᠦᠴᠡᠬᠦ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠬᠠᠤᠯᠢᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ᠃ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠬᠦ ᠬᠦᠴᠦᠷᠬᠡᠭ ᠶᠡᠭᠡ ᠲᠠᠭᠠᠷᠢᠯᠳᠠ ᠶᠢ ᠦᠷᠭᠦᠯᠵᠢᠯᠡᠨ ᠥᠷᠨᠢᠭᠦᠯᠵᠦ᠂ ᠭᠠᠵᠢᠭᠤ ᠨᠣᠮᠯᠠᠯ ᠤᠨ ᠠᠵᠢᠯᠯᠠᠭ᠎ᠠ ᠶᠢᠨ ᠥᠷᠭᠡᠵᠢᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠ ᠳᠤ᠂ ᠥᠨᠳᠥᠷ ᠲᠦᠪᠰᠢᠨ ᠢᠶᠠᠷ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠲᠡᠮᠤᠷ ᠠᠯᠬᠤᠭ᠎ᠠ︾ ᠶᠢ ᠠᠯᠬᠤᠵᠤ᠂ ᠲᠦᠭ ᠲᠦᠮᠡᠨ ᠡᠷᠦᠬᠡ ᠳᠤ ᠬᠦᠷᠴᠦ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠵᠤ ᠠᠬᠤᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠤᠯᠠᠨ ᠨᠡᠶᠢᠲᠡ ᠶᠢᠨ ᠠᠮᠤᠷ ᠲᠦᠪᠰᠢᠨ ᠢ ᠴᠢᠨᠠᠷ ᠰᠠᠶᠢᠲᠠᠢ ᠬᠠᠮᠠᠭᠠᠯᠠᠬᠤ ᠬᠡᠷᠡᠭᠲᠡᠢ᠃ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠴᠢᠭᠯᠡᠯᠲᠡ ᠶᠢ ᠪᠠᠷᠢᠮᠲᠠᠯᠠᠨ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠬᠢᠯᠢ ᠠᠯᠤᠰᠯᠠᠨ ᠵᠣᠭᠤᠰ ᠨᠠᠭᠠᠳᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ᠂ ᠫᠤᠤ ᠵᠡᠪᠰᠡᠭ ᠳᠡᠯᠪᠡᠷᠡᠯᠲᠡ ᠳᠤ ᠬᠤᠯᠪᠣᠭᠳᠠᠬᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠬᠤ ᠪᠠ ᠱᠠᠯᠢᠭ ᠵᠠᠪᠬᠠᠶ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ᠂ ᠢᠳᠡᠭᠡᠨ ᠪᠠ ᠡᠮ ᠤᠨ ᠭᠠᠷᠠᠬ᠎ᠠ᠂ ᠬᠤᠯᠠᠭᠠᠶᠢᠯᠠᠬᠤ ᠪᠤᠯᠢᠶᠠᠬᠤ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠲᠤᠪᠤᠶᠢᠮ᠎ᠠ ᠶᠠᠯᠠᠲᠤ ᠠᠵᠢᠯᠯᠠᠭ᠎ᠠ ᠳᠤ ᠨᠠᠷᠢᠯᠢᠭ ᠣᠨᠣᠴᠠᠲᠠᠶ ᠪᠠᠷ ᠴᠣᠬᠢᠯᠲᠠ ᠥᠭᠴᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠳᠠᠯᠠᠵᠤ᠂ ᠪᠣᠰᠤᠭ᠎ᠠ ᠴᠣᠭᠴᠠᠲᠤ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠡᠵᠡᠮᠳᠡᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠶᠠᠨ ᠬᠠᠳᠠᠨ ᠴᠢᠨᠠᠷᠲᠠᠢ ᠠᠮᠤᠷ ᠲᠦᠪᠰᠢᠨ ᠬᠤᠳᠠ ᠶᠢᠨ ᠪᠦᠳᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠵᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ ᠪᠠ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠶᠠᠩᠭᠠᠩ ᠠᠭᠠᠷ ᠤᠨ ᠲᠡᠭᠡᠭᠡᠪᠦᠷᠢ᠂ ᠮᠧᠲᠷᠤ᠋᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠦᠵᠡᠮᠵᠢᠲᠦ ᠣᠷᠣᠨ ᠪᠠ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠲᠠᠪᠤ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠬᠦ ᠬᠡᠷᠡᠭᠲᠡᠢ᠃ ᠨᠠᠮ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠪᠠ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠵᠡᠷᠭᠡ ᠶᠢᠨ ᠲᠣᠭᠤᠷᠢᠨ ᠳᠤ᠂ ᠠᠮᠤᠷ ᠢ ᠬᠠᠮᠠᠭᠠᠯᠠᠬᠤ ᠡᠷᠦᠬᠡ ᠠᠮᠠ ᠶᠢᠨ ᠶᠠᠪᠤᠳᠠᠯ ᠤᠨ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠨᠡᠭᠦᠳᠡᠯ ᠠᠷᠠᠳ ᠤᠨ ᠬᠢᠯᠢ ᠪᠠᠷ ᠣᠷᠣᠵᠤ ᠭᠠᠷᠬᠤ ᠶᠢᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠳᠤ ᠨᠠᠩ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠪᠠᠷ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠶᠢᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ᠃ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠵᠣᠬᠢᠴᠠᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾᠂ ︽ᠨᠢᠭᠡ ᠴᠣᠩᠬᠤᠪᠴᠢ ᠪᠠᠷ ᠪᠦᠬᠦᠨ ᠢ ᠭᠦᠢᠴᠡᠳᠬᠡᠬᠦ︾ ᠶᠢ ᠭᠦᠨᠵᠡᠭᠡᠶᠢᠷᠡᠭᠦᠯᠵᠦ᠂ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠲᠤᠰᠬᠠᠯ ᠤᠨ ᠴᠣᠩᠬᠤ ᠶᠢ ᠪᠦᠬᠦᠨ ᠢ ᠬᠠᠮᠤᠷᠬᠤ ᠶᠢ ᠢᠳᠡᠪᠬᠢᠲᠡᠶ  ᠠᠬᠢᠭᠤᠯᠵᠤ᠂ 110 ᠪᠣᠯᠤᠨ 12345 ᠥᠨᠳᠥᠷ ᠪᠦᠲᠦᠮᠵᠢᠲᠡᠶ ᠪᠠᠷ ᠵᠣᠯᠭᠠᠭᠤᠯᠤᠨ ᠬᠤᠯᠪᠣᠯᠳᠤᠭᠤᠯᠬᠤ ᠶᠢ ᠭᠦᠨᠵᠡᠭᠡᠶᠢᠷᠡᠭᠦᠯᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠵᠦ᠂ ᠬᠦᠴᠢᠷ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽ᠠᠷᠠᠳ ᠤᠨ ᠡᠵᠡᠩᠨᠡᠭᠰᠡᠨ ᠠᠵᠤ ᠠᠬᠤᠶ ᠶᠢᠨ 31 ᠵᠤᠷᠪᠤᠰ︾ ᠵᠡᠷᠭᠡ ᠲᠥᠪ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠠᠤᠯᠢ ᠬᠡᠷᠡᠭᠵᠢᠭᠦᠯᠦᠯᠲᠡ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠵᠢᠷᠭᠤᠭ᠎ᠠ ᠳᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠥᠨᠳᠥᠷ ᠡᠬᠢᠯᠡᠯᠲᠡ ᠲᠠᠢ ᠪᠠᠷ ᠠᠬᠢᠭᠤᠯᠬᠤ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃︽ᠲᠤᠰᠬᠠᠶ ᠮᠡᠷᠭᠡᠵᠢᠯ︾ ᠤᠨ ᠲᠠᠯ᠎ᠠ ᠪᠠᠷ ᠴᠢᠩᠭ᠎ᠠ ᠠᠷᠭ᠎ᠠ ᠬᠡᠮᠵᠢᠶ᠎ᠡ ᠠᠪᠴᠤ᠂ ︽ᠨᠠᠮ ᠤᠨ ᠬᠤᠷᠢᠶ᠎ᠠ ᠤᠳᠤᠷᠢᠳᠬᠤ᠂ ᠶᠠᠮᠤᠨ ᠤ ᠱᠠᠲᠤᠨ ᠠᠴᠠ ᠶᠡᠷᠦᠩᠬᠡᠶ ᠠᠵᠢᠯ ᠢ ᠠᠳᠬᠤᠬᠤ᠂ ᠮᠤᠵᠢ ᠶᠢᠨ ᠱᠠᠲᠤᠨ ᠠᠴᠠ ᠭᠤᠤᠯᠯᠠᠨ ᠬᠠᠷᠢᠭᠤᠴᠠᠬᠤ᠂ ᠬᠤᠲᠠ ᠰᠢᠶᠠᠨ ᠠᠴᠠ ᠭᠤᠤᠯᠯᠠᠨ ᠪᠠᠶᠢᠯᠳᠤᠬᠤ᠂ ᠲᠣᠮᠢᠯᠠᠭᠰᠠᠨ ᠰᠠᠯᠪᠤᠷᠢ ᠠᠴᠠ ᠭᠤᠤᠯᠯᠠᠨ ᠰᠡᠷᠭᠡᠶᠢᠯᠡᠬᠦ︾ ᠵᠠᠷᠴᠢᠮ ᠶᠣᠰᠣᠭᠠᠷ᠂ ᠡᠭᠦᠷᠭᠡ ᠴᠢᠳᠠᠪᠤᠷᠢ ᠨᠢ ᠰᠢᠨᠵᠢᠯᠡᠬᠦ ᠤᠬᠠᠭᠠᠨᠴᠢ᠂ ᠡᠷᠬᠡ  ᠶᠠᠪᠤᠳᠠᠯ  ᠨᠢ  ᠲᠣᠳᠣᠷᠬᠠᠶ᠂  ᠵᠢᠯᠣᠭᠤᠳᠣᠯᠭ᠎ᠠ ᠨᠢ ᠢᠯᠭᠤᠮ ᠰᠢᠯᠤᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠯ ᠢ ᠲᠦᠷᠭᠡᠳᠬᠡᠨ ᠪᠠᠶᠢᠭᠤᠯᠬᠤ ᠬᠡᠷᠡᠭᠲᠡᠢ᠃︽ᠲᠣᠭᠲᠠᠴᠠ︾ ᠶᠢᠨ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ︽ᠦᠢᠯᠡ ᠠᠵᠢᠯᠯᠠᠭ᠎ᠠ ᠶᠢ ᠵᠢᠭᠠᠬᠤ︾ ᠶᠢ ᠨᠢᠭᠡ ᠴᠤᠬᠴᠠᠵᠢᠭᠤᠯᠤᠬᠰᠠᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠣᠳᠣᠬᠢᠴᠢᠯᠠᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠪᠠᠨ ᠢᠮᠠᠭᠲᠠ ᠦᠨᠳᠦᠰᠦᠨ ᠱᠠᠲᠤᠨ ᠳᠤ ᠲᠠᠯᠪᠢᠵᠤ᠂ ︽ᠨᠢᠭᠡ ᠲᠣᠰᠬᠤᠨ ᠳᠤ ᠨᠢᠭᠡ ᠴᠠᠭᠳᠠᠭ᠎ᠠ︾᠂ ᠲᠣᠮᠢᠯᠠᠭᠰᠠᠨ ᠰᠠᠯᠪᠤᠷᠢ ᠶᠢᠨ ︽ᠬᠤᠶᠠᠷ ᠠᠩᠬᠢ ᠨᠢᠭᠡ ᠲᠠᠰᠤᠭ︾ ᠵᠡᠷᠭᠡ ᠲᠣᠭᠲᠠᠴᠠ ᠶᠢᠨ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠵᠡᠷᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠦᠴᠦᠨ ᠤ ᠪᠠᠲᠤᠯᠠᠭ᠎ᠠ᠂ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠵᠡᠷᠭᠡ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ︽ᠲᠣᠮᠣ ᠳ᠋ᠠᠶᠢᠲ᠋ᠠ︾ ᠳᠡᠭᠡᠷ᠎ᠡ ᠰᠢᠨ᠎ᠡ ᠠᠷᠭ᠎ᠠ ᠬᠡᠮᠵᠢᠶ᠎ᠡ ᠠᠪᠴᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠢ ᠡᠮᠬᠢᠯᠡᠨ ᠨᠡᠶᠢᠯᠡᠭᠦᠯᠵᠦ᠂ ᠴᠢᠳᠠᠮᠵᠢ ᠶᠢᠨ ᠬᠡᠷᠡᠭᠯᠡᠯᠲᠡ ᠶᠢ ᠥᠷᠭᠡᠳᠬᠡᠨ᠂ ᠨᠢᠭᠡᠳᠦᠭᠡᠷ ᠹᠷᠣᠨᠲ ᠤᠨ ᠪᠣᠳᠠᠲᠤ ᠪᠠᠶᠢᠯᠳᠤᠭᠠᠨ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠤᠯᠤᠭ᠎ᠠ ᠳᠤ᠂ ᠶᠠᠰᠤ ᠴᠢᠨᠠᠷ ᠦᠷ᠎ᠡ ᠠᠰᠢᠭ ᠢᠶᠠᠷ ᠥᠨᠳᠥᠷ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠲᠦᠷᠢᠮ ᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠦᠴᠦᠲᠡᠶ ᠠᠳᠬᠤᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠲᠡᠶ ᠪᠠᠲᠤᠯᠠᠨ ᠠᠬᠢᠭᠤᠯᠬᠤ ᠬᠡᠷᠡᠭᠲᠡᠢ᠃ ᠨᠠᠢᠮᠠ ᠳᠤ᠂ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠪᠠᠷ ᠥᠨᠳᠥᠷ ᠱᠠᠭᠠᠷᠳᠠᠯᠭ᠎ᠠ ᠲᠠᠯᠪᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠢᠩᠭᠠᠳᠬᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠢᠷᠡᠯ ᠤᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ︽ᠨᠢᠭᠡᠳᠦᠭᠡᠷ ᠭᠠᠷ︾ ᠤᠨ ᠢᠯᠵᠢᠷᠡᠯ ᠤᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠢᠯᠵᠢᠷᠡᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠬᠠᠭ ᠭᠡᠮ ᠢ ᠡᠷᠡᠰ ᠴᠡᠭᠴᠡᠯᠡᠨ ᠵᠠᠰᠠᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠢᠷᠡᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠢᠨᠠᠮᠠᠭᠠᠶ ᠥᠷᠨᠢᠭᠦᠯᠵᠦ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠳᠠᠯᠠᠪᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠣᠨᠴᠠᠭᠠᠶᠢᠯᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠲᠡᠮᠦᠷ ᠮᠡᠲᠦ ᠬᠠᠲᠠᠭᠤ ᠴᠠᠭᠠᠵᠠ ᠵᠠᠷᠯᠢᠭ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠥᠮᠦᠵᠢᠯ ᠰᠤᠷᠭᠠᠭᠤᠯᠢᠯᠠᠯ ᠢ ᠴᠢᠬᠤᠯᠠᠴᠢᠯᠠᠵᠤ᠂ ︽ᠬᠡᠪ ᠪᠣᠯᠪᠠᠰᠤᠷᠠᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠢᠨᠵᠧᠨᠧᠷᠢᠩ︾ ᠢ ᠲᠥᠯᠥᠪᠵᠢᠭᠦᠯᠦᠨ  ᠬᠡᠷᠡᠭᠵᠢᠭᠦᠯᠵᠦ᠂ ︽ᠵᠢᠭᠠᠨ ᠰᠤᠷᠭᠠᠬᠤ ᠰᠤᠳᠤᠯᠤᠨ ᠪᠣᠯᠪᠠᠰᠤᠷᠠᠬᠤ ᠳᠠᠶᠢᠨ︾ ᠢ ᠨᠢᠭᠡ ᠴᠤᠬᠴᠠᠵᠢᠭᠤᠯᠤᠬᠰᠠᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠲᠡᠭᠦᠯᠳᠡᠷᠵᠢᠭᠦᠯᠵᠦ᠂ ᠲᠤᠰᠬᠠᠶᠢᠵᠢᠭᠰᠠᠨ᠂ ᠪᠣᠳᠠᠲᠤ ᠳᠠᠶᠢᠨᠴᠢᠯᠠᠭᠰᠠᠨ ᠪᠣᠯᠪᠠᠰᠤᠷᠠᠯ ᠢ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠠ ᠪᠣᠳᠠᠲᠤ ᠳᠠᠶᠢᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠬᠠᠯᠠᠮᠵᠢᠯᠠᠬᠤ ᠶᠢ ᠨᠠᠷᠢᠨ ᠠᠳᠬᠤᠵᠤ᠂ ᠠᠷᠠᠳ ᠤᠨ ᠴᠠᠭᠳᠠᠭ᠎ᠠ ᠶᠢᠨ ᠠᠵᠢᠯ᠂ ᠠᠮᠢᠳᠤᠷᠠᠯ ᠤᠨ ᠲᠠᠯ᠎ᠠ ᠪᠠᠷ ᠬᠢ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠯᠠᠮᠵᠢᠯᠠᠨ ᠬᠠᠶᠢᠷᠠᠯᠠᠵᠤ᠂ ᠠᠰᠠᠷᠠᠮᠵᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠶᠡᠭᠡ ᠪᠠᠶᠢᠷᠢᠰᠢᠯ ᠲᠠᠢ᠂ ᠥᠷᠭᠡᠨ ᠬᠠᠷᠠᠭ᠎ᠠ ᠲᠠᠢ᠂ ᠬᠦᠨᠳᠤ ᠡᠭᠦᠷᠭᠡᠯᠡᠯ ᠲᠠᠢ᠂ ᠬᠠᠲᠠᠭᠤ ᠴᠢᠳᠠᠪᠤᠷᠢ ᠲᠠᠢ ᠪᠠᠶᠢᠵᠤ᠂ ᠵᠠᠩᠭᠢᠯᠠᠭ᠎ᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠠᠩᠭᠢᠯᠠᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠢ ᠨᠠᠮ ᠪᠣᠯᠤᠨ ᠤᠯᠤᠰ ᠤᠨ ᠶᠡᠭᠡ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠵᠤ ᠠᠷᠭ᠎ᠠ ᠰᠦᠪᠡᠭᠴᠢᠯᠡᠨ ᠠᠬᠢᠭᠤᠯᠵᠤ᠂ ᠣᠷᠣᠨ ᠨᠤᠲᠤᠭ ᠪᠣᠯᠤᠨ ᠰᠠᠯᠠᠭ᠎ᠠ ᠮᠥᠴᠢᠷ ᠤᠨ ᠠᠰᠢᠭ ᠲᠤᠰᠠ ᠶᠢ ᠨᠠᠮ ᠪᠣᠯᠤᠨ ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠳᠤ ᠳᠠᠭᠠᠭᠤᠯᠬᠤ᠂ ᠬᠤᠪᠢ ᠶᠢᠨ ᠠᠰᠢᠭ ᠲᠤᠰᠠ ᠶᠢ ᠵᠣᠬᠢᠶᠠᠨ ᠪᠠᠶᠢᠭᠤᠯᠤᠯᠲᠠ ᠶᠢᠨ ᠠᠰᠢᠭ ᠲᠤᠰᠠ ᠳᠤ ᠳᠠᠭᠠᠭᠤᠯᠬᠤ ᠶᠢ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ᠂ ᠵᠠᠮ ᠪᠠ ᠲᠦᠷᠢᠮ ᠳᠤ ᠬᠤᠯᠪᠣᠭᠳᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠢ ᠪᠠᠶᠢᠬᠤ ᠬᠡᠷᠡᠭᠲᠡᠢ︔ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠴᠢᠬᠤᠯᠠ ᠶᠡᠭᠡ ᠲᠤᠰᠬᠠᠢ ᠲᠦᠷᠦᠯ ᠤᠨ ᠠᠵᠢᠯ᠂ ᠴᠢᠬᠤᠯᠠ ᠶᠡᠭᠡ ᠠᠮᠤᠷ ᠲᠦᠪᠰᠢᠨ ᠤ ᠬᠠᠮᠠᠭᠠᠯᠠᠯᠲᠠ ᠶᠢᠨ ᠡᠭᠦᠷᠭᠡ ᠵᠡᠷᠭᠡ ᠶᠢ ᠴᠢᠩᠭ᠎ᠠ ᠠᠳᠬᠤᠵᠤ᠂ ᠨᠢᠭᠡᠳᠦᠭᠡᠷ ᠹᠷᠣᠨᠲ ᠠᠴᠠ ᠵᠢᠯᠣᠭᠤᠳᠤᠨ ᠰᠢᠪᠠᠳᠠᠬᠤ ᠬᠡᠷᠡᠭᠲᠡᠢ᠃ ︽ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ︾ ᠭᠡᠳᠡᠭ ᠢ ᠪᠠᠲᠤ ᠴᠡᠭᠡᠵᠢᠯᠡᠵᠦ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠢ ᠣᠯᠤᠭᠰᠠᠨ ᠪᠠᠭ᠎ᠠ ᠶᠠᠪᠤᠳᠠᠯ ᠤᠳ ᠢᠶᠠᠷ ᠶᠡᠭᠡ ᠲᠠᠯ᠎ᠠ ᠶᠢ ᠪᠦᠲᠦᠭᠡᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠠᠨᠠᠭᠠᠴᠢᠯᠠᠬᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠶᠢᠨ ᠬᠠᠲᠠᠭᠤ ᠮᠥᠷᠥ᠂ ᠴᠢᠳᠠᠮᠠᠭᠠᠢ ᠪᠠᠷ ᠠᠵᠢᠯᠯᠠᠬᠤ ᠠᠷᠭ᠎ᠠ ᠲᠠᠢ ᠪᠠᠶᠢᠵᠤ᠂ ᠨᠠᠮ ᠪᠠ ᠠᠷᠠᠳ ᠲᠦᠮᠡᠨ ᠳᠤ ᠠᠰᠢᠭᠲᠠᠢ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠦᠢᠯᠡᠰ ᠲᠤ ᠠᠰᠢᠭᠲᠠᠢ ᠶᠠᠪᠤᠳᠠᠯ ᠪᠦᠬᠦᠨ ᠳᠤ ᠴᠥᠮ ᠠᠰᠢᠭᠲᠠᠢ ᠴᠠᠭ ᠲᠣᠬᠢᠶᠠᠯ ᠪᠦᠬᠦᠨ ᠢ ᠠᠳᠬᠤᠵᠤ᠂ ᠠᠰᠢᠭᠲᠠᠢ ᠨᠥᠬᠦᠴᠡᠯ ᠪᠦᠬᠦᠨ ᠢ ᠠᠰᠢᠭᠯᠠᠵᠤ᠂ ᠬᠢᠵᠦ ᠳᠡᠶᠢᠯᠬᠦ ᠶᠢ ᠨᠢ ᠬᠢᠵᠦ᠂ ᠢᠯᠡᠭᠦᠦ ᠬᠢᠵᠦ ᠳᠡᠶᠢᠯᠬᠦ ᠶᠢ ᠨᠢ ᠢᠯᠡᠭᠦᠦ ᠬᠢᠵᠦ᠂ ᠪᠣᠳᠠᠲᠤ ᠠᠵᠢᠯ ᠪᠣᠳᠠᠲᠠᠢ ᠠᠮᠵᠢᠯᠲᠠ ᠪᠣᠳᠠᠲᠤ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠬᠦ ᠶᠢᠨ ᠮᠥᠨ ᠴᠢᠨᠠᠷ ᠢ ᠢᠯᠡᠷᠡᠭᠦᠯᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠴᠠᠭ ᠲᠤᠬᠠᠢ ᠳᠤ ᠨᠢ ᠰᠢᠨᠡᠳᠬᠡᠵᠦ᠂ ᠬᠡᠪ ᠴᠢᠨᠠᠷ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠤᠯᠤᠰ ᠲᠦᠷᠦ ᠶᠢᠨ ᠴᠢᠳᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ ᠪᠠᠨ ᠭᠤᠣᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠢ᠃ ᠲᠤᠰ ᠪᠡᠶ᠎ᠡ ᠶᠢᠨ ᠱᠠᠭᠠᠷᠳᠠᠯᠭ᠎ᠠ ᠪᠠᠨ ᠴᠢᠩᠳᠠᠯᠠᠵᠤ᠂ ᠦᠵᠡᠯ ᠰᠠᠨᠠᠭᠠᠨ ᠤ ᠲᠠᠯ᠎ᠠ ᠪᠠᠷ ᠴᠡᠪᠡᠷ ᠪᠠᠶᠢᠬᠤ᠂ ᠨᠣᠶᠠᠨ ᠰᠠᠭᠤᠬᠤ ᠳᠤ ᠪᠠᠨ ᠴᠡᠪᠡᠷ ᠪᠠᠶᠢᠬᠤ᠂ ᠠᠵᠢᠯ ᠳᠤ ᠪᠠᠨ ᠰᠢᠷᠭᠠᠭᠤ ᠬᠠᠲᠠᠭᠤᠵᠢᠯᠲᠠᠶ ᠪᠠᠶᠢᠬᠤ ᠶᠢ ᠦᠨᠡᠨ ᠬᠦ ᠪᠡᠶᠡᠯᠡᠭᠦᠯᠵᠦ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠨᠢ ᠸᠢᠳᠢᠤ᠋ ᠪᠠᠷ ᠮᠤᠵᠢ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠦᠷᠲᠡᠯ᠎ᠡ ᠶᠠᠪᠤᠭᠳᠠᠭᠤᠯᠪᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ
Baidu
map