ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠨᠡᠶᠢᠭᠡᠮ ᠤᠨ ᠶᠡᠷᠥᠩᠬᠡᠢ ᠪᠠᠶᠢᠳᠠᠯ ᠠᠮᠤᠷ ᠲᠣᠭᠲᠠᠭᠤᠨ ᠡᠮᠬᠢ ᠳᠢᠭᠯᠢᠮ  ᠲᠠᠢ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/1/2
      ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠣᠯᠠᠨ ᠲᠦᠮᠡᠨ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠵᠦ᠂ ᠳᠣᠲᠣᠭᠠᠳᠤ ᠶᠢ ᠬᠠᠮᠠᠭᠠᠯᠠᠭᠴᠢ ᠠᠵᠢᠯ ᠤᠨ ᠪᠠᠶᠢᠷᠢ ᠪᠠᠨ ᠪᠠᠲᠤ ᠰᠠᠬᠢᠬᠤ︾ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠢᠮᠠᠭᠲᠠ ᠬᠤᠷᠴᠠ ᠰᠡᠷᠭᠡᠭ ᠪᠠᠶᠢᠵᠤ᠂ 7.8 ᠲᠦᠮᠡ ᠭᠠᠷᠤᠶ ᠴᠠᠭᠳᠠᠭᠠᠨ ᠤ ᠬᠦᠴᠦᠨ ᠢ ᠣᠷᠣᠭᠤᠯᠤᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠰᠡᠷᠭᠡᠶᠢᠯᠡᠵᠦ᠂ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠠᠷᠠᠳ ᠣᠯᠠᠨ ᠤ ᠠᠮᠤᠷ ᠲᠠᠶᠢᠪᠤᠩ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠳᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ ᠥᠭᠪᠡ᠃ ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠨᠡᠶᠢᠭᠡᠮ ᠤᠨ ᠶᠡᠷᠥᠩᠬᠡᠢ ᠪᠠᠶᠢᠳᠠᠯ ᠲᠣᠭᠲᠠᠭᠤᠨ ᠪᠠᠶᠢᠵᠤ᠂ ᠠᠮᠤᠷ ᠲᠦᠪᠰᠢᠨ ᠤ ᠡᠮᠬᠢ ᠳᠢᠭᠯᠢᠮ ᠰᠠᠶᠢᠨ᠂ ᠲᠣᠮᠣ ᠬᠡᠯᠪᠡᠷᠢ ᠶᠢᠨ ᠠᠵᠢᠯᠯᠠᠭ᠎ᠠ ᠠᠮᠤᠷ ᠲᠦᠪᠰᠢᠨ ᠤᠷᠤᠭᠰᠢᠲᠠᠶ ᠶᠠᠪᠤᠭᠳᠠᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠡᠮᠬᠢ ᠳᠢᠭᠯᠢᠮ ᠲᠠᠢ ᠪᠠᠶᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠨ᠎ᠠ᠃
1.jpg
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠰᠢᠨ᠎ᠡ ᠵᠢᠯ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠤᠳᠠᠭ᠎ᠠ ᠬᠤᠷᠠᠯ ᠬᠤᠷᠠᠯᠳᠤᠭᠤᠯᠵᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠬᠢᠵᠡᠶ᠃ 2023 ᠣᠨ ᠤ 12 ᠰᠠᠷ᠎ᠠ ᠶᠢᠨ 29 ᠤ ᠡᠳᠦᠷ᠂ ᠵᠧᠩ ᠭᠤᠸᠠᠩ ᠵᠣᠣ ᠬᠥᠬᠡᠬᠤᠲᠠ ᠶᠢᠨ ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ ᠳᠡᠭᠡᠳᠦ ᠬᠤᠷᠳᠤ ᠶᠢᠨ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠨᠢᠭᠡᠳᠦᠭᠡᠷ ᠹᠷᠣᠨᠲ ᠤᠨ ᠵᠢᠵᠢᠭᠦᠷᠯᠡᠬᠦ ᠭᠠᠵᠠᠷ ᠲᠤ ᠭᠦᠨᠵᠡᠭᠡᠶᠢᠷᠡᠵᠦ᠂ ᠰᠢᠨ᠎ᠡ ᠣᠨ ᠤ ᠪᠠᠶᠠᠷ ᠤᠨ ᠬᠤᠭᠤᠴᠠᠭᠠᠨ ᠤ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ 12 ᠰᠠᠷ᠎ᠠ ᠶᠢᠨ 31 ᠤ ᠡᠳᠦᠷ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ ᠠᠮᠤᠷ ᠢ ᠬᠠᠮᠠᠭᠠᠯᠠᠬᠤ ᠦᠢᠯᠡᠴᠢᠯᠡᠭᠡᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠲᠣᠬᠤᠨᠢᠭᠤᠯᠪᠠ᠃ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠢᠮᠡᠭᠡ ᠮᠡᠳᠡᠭᠡ ᠵᠢᠯᠣᠭᠤᠳᠬᠤ ᠲᠥᠪ ᠲᠤ ᠪᠥᠬᠦ ᠣᠷᠣᠨ ᠤ ᠨᠡᠶᠢᠭᠡᠮ ᠤᠨ ᠪᠠᠶᠢᠳᠠᠯ ᠢ ᠳᠣᠭᠢᠷᠠᠭᠤᠯᠤᠨ ᠡᠵᠡᠮᠰᠢᠵᠦ᠂ ᠡᠯ᠎ᠡ ᠭᠠᠵᠠᠷ ᠤᠨ ᠲᠣᠮᠣ ᠬᠡᠯᠪᠡᠷᠢ ᠶᠢᠨ ᠠᠵᠢᠯᠯᠠᠭ᠎ᠠ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠳᠡᠯᠦᠯ ᠪᠠᠶᠢᠳᠠᠯ ᠢ ᠴᠠᠭ ᠲᠤᠬᠠᠶ ᠳᠤ ᠨᠢ ᠲᠣᠭᠤᠷᠢᠨ ᠪᠠᠶᠢᠴᠠᠭᠠᠵᠤ᠂ ᠲᠤᠬᠠᠶ ᠶᠢᠨ ᠲᠠᠯᠠᠪᠤᠷ ᠤᠨ ᠪᠠᠶᠢᠳᠠᠯ ᠢ ᠨᠢᠭᠲᠠ ᠠᠩᠬᠠᠷᠴᠤ᠂ ᠬᠠᠨᠳᠤᠯᠭᠠᠲᠤ ᠴᠢᠨᠠᠷᠲᠠᠶ ᠪᠠᠷ ᠴᠢᠬᠤᠯᠠᠴᠢᠯᠠᠨ ᠪᠠᠶᠢᠷᠢᠯᠠᠭᠤᠯᠪᠠ᠃ ᠪᠤᠰᠤᠳ ᠲᠢᠩᠬᠢᠮ ᠤᠨ ᠤᠳᠤᠷᠢᠳᠤᠯᠭ᠎ᠠ ᠲᠤᠭᠤᠶᠢᠯᠠᠩ ᠬᠤᠪᠢᠶᠠᠨ ᠰᠠᠬᠢᠵᠤ᠂ ᠡᠯ᠎ᠡ ᠴᠠᠭᠳᠠᠭᠠᠨ ᠤ ᠲᠦᠷᠦᠯ ᠤᠨ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠭᠤᠤᠯ ᠤᠳᠤᠷᠢᠳᠤᠯᠭ᠎ᠠ ᠨᠢ ᠠᠵᠢᠯ ᠤᠨ ᠪᠠᠶᠢᠷᠢ ᠳᠤ ᠪᠠᠨ ᠪᠠᠶᠢᠵᠤ᠂ ᠡᠮᠦᠨ᠎ᠡ ᠨᠢ ᠵᠢᠯᠣᠭᠤᠳᠴᠤ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠪᠠ᠃
5.jpg
      ᠥᠷᠭᠡᠨ ᠤᠯᠠᠨ ᠠᠷᠠᠳ ᠲᠦᠮᠡᠨ ᠤ ᠠᠮᠤᠷ ᠲᠦᠪᠰᠢᠨ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠨ᠎ᠡ ᠣᠨ ᠤ ᠡᠮᠦᠨᠡᠬᠡᠨ᠂ 2023 ᠣᠨ ᠤ 12 ᠰᠠᠷ᠎ᠠ ᠶᠢᠨ 28 ᠤ ᠡᠳᠦᠷ ᠤᠨ 0 ᠴᠠᠭ ᠠᠴᠠ 29 ᠤ ᠡᠳᠦᠷ ᠤᠨ 24 ᠴᠠᠭ ᠪᠣᠯᠲᠠᠯ᠎ᠠ᠂ ᠪᠦᠬᠦ ᠣᠷᠣᠨ ᠢᠶᠠᠷ ᠢᠶᠠᠨ ︽ᠰᠦᠷ ᠬᠦᠴᠦᠲᠦ︾ ᠨᠢᠭᠡᠳᠦᠯᠲᠡᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠨᠡᠶᠢᠳᠡ 71951 ᠬᠥᠮᠦᠨ ᠤᠳᠠᠭ᠎ᠠ ᠶᠢᠨ ᠴᠠᠭᠳᠠᠭᠠᠨ ᠤ ᠬᠦᠴᠦᠨ ᠢ ᠬᠥᠳᠡᠯᠭᠡᠵᠦ᠂ 22525 ᠰᠠᠤᠷᠢ ᠲᠡᠷᠭᠡ ᠶᠢ ᠪᠠᠶᠢᠴᠠᠭᠠᠵᠤ᠂ 413 ᠡᠯ᠎ᠡ ᠲᠦᠷᠦᠯ ᠤᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠡᠯ᠎ᠡ ᠲᠦᠷᠦᠯ ᠤᠨ ᠣᠳᠣ ᠪᠠᠷ ᠠᠵᠢᠯᠯᠠᠭ᠎ᠠ ᠬᠢᠵᠦ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠳᠡᠭᠡᠳᠦ ᠳᠡᠰ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠡᠬᠢᠯᠡᠭᠦᠯᠵᠦ᠂ ᠨᠡᠶᠢᠭᠡᠮ ᠤᠨ ᠲᠠᠯ᠎ᠠ ᠠᠴᠠ ᠢᠯᠡ ᠲᠣᠳᠣ ᠴᠠᠭᠳᠠᠭ᠎ᠠ ᠬᠡᠷᠡᠭᠯᠡᠬᠦ ᠪᠠ ᠭᠤᠣᠯᠳᠠᠯᠭ᠎ᠠ ᠲᠠᠢ ᠰᠡᠷᠭᠡᠶᠢᠯᠡᠬᠦ ᠶᠢ ᠦᠷᠭᠦᠯᠵᠢᠯᠡᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠴᠠᠭᠳᠠᠯᠭ᠎ᠠ ᠶᠢᠨ ︽ᠳᠦᠷᠪᠡᠨ ᠵᠦᠢᠯ ᠤᠨ ᠲᠣᠭᠲᠠᠴᠠ︾ ᠪᠠ ︽1᠂ 3᠂ 5 ᠮᠢᠨᠦ᠋ᠲ︾ ᠤᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠪᠡᠯᠭᠡᠯᠡᠬᠦ᠂ ᠵᠤᠭ᠎ᠠ ᠴᠡᠩᠭᠡᠯ ᠵᠡᠷᠭᠡ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠮᠬᠢ ᠳᠢᠭᠯᠢᠮ ᠢ ᠬᠠᠮᠠᠭᠠᠯᠠᠬᠤ᠂ ᠠᠵᠢᠯᠳᠠᠨ ᠢ ᠬᠠᠮᠢᠶᠠᠷᠤᠨ ᠡᠵᠡᠮᠳᠡᠬᠦ᠂ ᠠᠮᠤᠷ ᠲᠦᠪᠰᠢᠨ ᠢ ᠪᠠᠶᠢᠴᠠᠭᠠᠨ ᠡᠵᠡᠮᠳᠡᠬᠦ ᠪᠠ ᠵᠠᠮ ᠬᠠᠷᠢᠯᠴᠠᠭ᠎ᠠ ᠶᠢ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 7300 ᠭᠠᠷᠤᠢ ᠴᠠᠭᠳᠠᠭ᠎ᠠ ᠬᠥᠳᠡᠯᠭᠡᠵᠦ᠂ ᠰᠢᠨᠬᠤᠸᠠ ᠠᠭᠤᠳᠠᠮ ᠲᠠᠯᠠᠪᠠᠢ᠂ ᠶᠡᠭᠡ ᠵᠤᠤ ᠰᠦᠮ᠎ᠡ ᠵᠡᠷᠭᠡ ᠭᠠᠵᠠᠷ ᠤᠨ ᠬᠢᠨ ᠲᠦᠮᠡᠨ ᠬᠥᠮᠦᠨ ᠠᠴᠠ ᠳᠡᠭᠡᠭᠰᠢ ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠲᠤᠬᠤ ᠰᠢᠷᠢᠰ ᠲᠤᠮᠤ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠥᠨᠳᠥᠷ ᠪᠦᠲᠦᠮᠵᠢᠲᠡᠢ ᠪᠠᠲᠤᠯᠠᠪᠠ᠃ ᠡᠯ᠎ᠡ ᠭᠠᠵᠠᠷ ᠤᠨ ᠬᠢᠨ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠭ᠎ᠠ ᠠᠩᠬᠠᠷᠴᠤ᠂ ᠬᠦᠢᠳᠡᠨ ᠠᠭᠤᠷ ᠠᠮᠢᠰᠬᠤᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠪᠠᠷᠠᠭᠠᠨ ᠤ ᠭᠦᠢᠯᠭᠡᠭᠡ᠂ ᠠᠶᠠᠨᠴᠢᠳ ᠤᠨ ᠤᠷᠤᠰᠬᠠᠯ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠪᠠ ᠲᠦᠭᠵᠢᠷᠡᠭᠰᠡᠨ ᠵᠠᠮ ᠤᠨ ᠬᠡᠰᠡᠭ ᠢ ᠰᠢᠯᠤᠭᠤᠳᠬᠠᠨ ᠬᠠᠮᠢᠶᠠᠷᠴᠤ ᠡᠵᠡᠮᠳᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠦᠨᠳᠦ ᠶᠡᠭᠡ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠮᠲᠤᠷᠠᠨ᠂ ᠬᠤᠸᠠᠷ ᠫᠤᠤᠵᠢᠩ ᠪᠣᠷᠣᠯᠠᠭᠤᠯᠬᠤ᠂ ᠬᠠᠳᠠᠭᠠᠯᠠᠬᠤ᠂ ᠲᠠᠯᠪᠢᠬᠤ ᠵᠡᠷᠭᠡ ᠪᠥᠬᠦ ᠬᠡᠯᠬᠢᠶᠡᠰᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠡᠯᠪᠡᠷᠡᠬᠦ᠂ ᠭᠠᠯ ᠶᠢᠨ ᠲᠦᠢᠮᠡᠷ ᠵᠡᠷᠭᠡ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃
7.jpg
      ᠰᠢᠨ᠎ᠡ ᠣᠨ ᠤ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ︽ᠵᠢᠷᠭᠤᠭᠠᠨ ᠵᠦᠢᠯ ᠤᠨ ᠲᠣᠭᠲᠠᠭᠠᠯ︾ ᠢ ᠴᠢᠩᠭ᠎ᠠ ᠰᠠᠬᠢᠵᠤ᠂ ᠴᠠᠭᠳᠠᠭᠠᠨ ᠤ ᠲᠦᠷᠢᠮ ᠴᠠᠭᠳᠠᠭᠠᠨ ᠤ ᠵᠠᠷᠯᠢᠭ ᠢ ᠴᠢᠩᠳᠠᠯᠠᠵᠤ᠂ ᠴᠠᠭᠳᠠᠭᠠᠨ ᠤ ᠰᠤᠷᠲᠠᠯ ᠴᠠᠭᠳᠠᠭᠠᠨ ᠤ ᠰᠠᠬᠢᠯᠭ᠎ᠠ ᠶᠢ ᠴᠢᠩᠳᠠᠯᠠᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠪᠠ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠬᠢᠷ ᠬᠦᠢᠳᠡᠨ ᠠᠴᠠ ᠠᠶᠤᠬᠤ ᠦᠭᠡᠢ ᠪᠠᠷ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠵᠦ᠂ ᠦᠷᠭᠦᠯᠵᠢᠯᠡᠨ ᠪᠠᠶᠢᠯᠳᠤᠵᠤ᠂ ᠰᠢᠨ᠎ᠡ ᠣᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
ᠢᠷᠡᠯᠲᠡ᠄ ᠦᠪᠦᠷ ᠮᠤᠩᠭᠤᠯ ᠤᠨ ᠳᠤᠲᠤᠭᠠᠳᠤ ᠶᠢ ᠬᠠᠮᠠᠭᠠᠯᠠᠬᠤ ᠲᠢᠩᠬᠢᠮ
Baidu
map