| 1 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠭᠤᠤᠯᠯᠠᠨ ᠡᠷᠭᠢᠯᠡᠭᠰᠡᠨ ︽ᠰᠢᠨ᠎ᠡ ᠠᠶᠠᠨ ᠵᠠᠮ ᠳᠤ ᠡᠷᠡᠯᠬᠡᠭᠯᠡᠨ | ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠶ︾ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠥᠷᠪᠡᠳᠡᠬᠢ | ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠲᠦᠷ ᠢ ᠪᠡᠯᠭᠡᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠵᠢᠴᠢ ᠲᠠᠪᠤᠳᠤᠭᠠᠷ | ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢ ᠨᠡᠶᠢᠲᠡᠯᠡᠬᠦ ᠶᠣᠰᠣᠯᠠᠯ ᠢ ᠥᠪᠥᠷ ᠮᠣᠩᠭᠤᠯ ᠤᠨ | ᠷᠠᠳᠢᠣ᠋ ᠲᠧᠯᠸᠢᠰ ᠬᠤᠷᠢᠶ᠎ᠠ ᠳᠤ ᠠᠩᠬ᠎ᠠ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ ᠠᠵᠢᠯᠯᠠᠭ᠎ᠠ ᠳᠤ ᠣᠷᠣᠯᠴᠠᠭᠰᠠᠨ ᠪᠥᠭᠡᠳ 2023 ᠣᠨ ᠤ ︽ᠴᠠᠭᠳᠠᠭ᠎ᠠ ᠶᠢᠨ | ᠢᠷᠠᠭᠤ ᠠᠯᠳᠠᠷ︾ ᠭᠥᠷᠳᠡᠭᠰᠡᠳ ᠤᠨ ᠲᠥᠯᠥᠭᠡᠯᠡᠭᠴᠢᠳ ᠲᠤ ᠢᠷᠠᠭᠤ ᠠᠯᠳᠠᠷ ᠤᠨ ᠭᠠᠪᠢᠶᠠᠨ ᠲᠡᠮᠳᠡᠭ ᠭᠠᠷᠳᠠᠭᠤᠯᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ | ᠰᠣᠨᠢᠨ ᠮᠡᠳᠡᠭᠡᠨ ᠤ ᠵᠠᠭᠤᠴᠢᠯᠠᠭᠤᠷ ᠤᠨ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠵᠡᠷᠭᠡ 20 ᠰᠢᠬᠠᠮ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠬᠥᠬᠡᠬᠤᠲᠠ ᠳᠤ ᠪᠠᠶᠢᠭ᠎ᠠ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ ᠵᠢᠴᠢ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ᠂ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ᠂ ᠪᠥᠬᠦ ᠣᠷᠣᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ | ᠲᠥᠯᠥᠭᠡᠯᠡᠭᠴᠢ 400 ᠭᠠᠷᠤᠶ ᠬᠥᠮᠦᠨ ᠲᠤᠬᠠᠶ ᠶᠢᠨ ᠲᠠᠯᠠᠪᠤᠷ ᠲᠤ ᠠᠵᠢᠯᠯᠠᠭ᠎ᠠ ᠳᠤ ᠣᠷᠣᠯᠴᠠᠵᠠᠶ᠃ | | | | ᠲᠣᠰ ᠠᠵᠢᠯᠯᠠᠭ᠎ᠠ ᠶᠢᠨ ᠠᠬᠤᠢ ᠲᠠᠯᠠᠪᠤᠷ ᠲᠤ 2023 ᠣᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠤᠨ ᠪᠠᠭ᠋ᠠᠷᠬᠠᠯᠲᠠᠢ ᠬᠠᠪᠰᠤᠷᠤᠭᠴᠢ | ᠴᠠᠭᠳᠠᠭ᠎ᠠ︾ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢᠨ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠪᠡ᠃ | ︽ᠲᠡᠳᠡᠨ ᠤ ᠦᠢᠯᠡ ᠶᠠᠪᠤᠳᠠᠯ ᠢ ᠨᠡᠩ ᠣᠯᠠᠨ ᠬᠥᠮᠦᠨ ᠮᠡᠳᠡᠪᠡᠯ ᠵᠣᠬᠢᠨ᠎ᠠ᠂ ᠦᠨᠡᠬᠡᠷ ᠬᠥᠮᠦᠨ ᠤ ᠰᠡᠳᠬᠢᠯ ᠢ ᠬᠥᠳᠡᠯᠭᠡᠨ᠎ᠡ︾᠃ ︽ᠬᠥᠮᠦᠰ ᠤᠨ ᠰᠡᠳᠬᠢᠯ ᠢ | ᠵᠣᠷᠢᠭᠵᠢᠭᠤᠯᠵᠤ᠂ ᠪᠢᠳᠡᠨ ᠤ ᠡᠷᠴᠢ ᠵᠣᠷᠢᠭ ᠢ ᠬᠦᠪᠴᠢᠯᠡᠨ᠂ ᠢᠲᠡᠭᠡᠯ ᠵᠣᠷᠢᠭ ᠢ ᠤᠯᠠᠮ ᠨᠡᠮᠡᠭᠳᠡᠭᠦᠯᠦᠨ᠎ᠡ︾᠃ ᠁ ᠶᠣᠰᠣᠯᠠᠯ ᠤᠨ ᠠᠬᠤᠢ ᠲᠠᠯᠠᠪᠠᠢ ᠳᠤ᠂ ᠲᠡᠳᠡᠭᠡᠷ | ᠬᠢᠯᠠᠯᠵᠠᠬᠰᠠᠨ ᠨᠡᠷ᠎ᠡ᠂ ᠦᠯᠦ ᠮᠡᠳᠡᠭᠳᠡᠮ᠎ᠡ ᠴᠢᠷᠠᠢ᠂ ᠰᠡᠳᠬᠢᠯ ᠬᠥᠳᠡᠯᠭᠡᠮ᠎ᠡ ᠦᠯᠢᠬᠡᠷ ᠨᠢ ᠦᠵᠡᠭᠴᠢᠳ ᠲᠤ ᠮᠠᠰᠢ ᠤᠯᠠᠨ ᠳᠣᠭᠳᠣᠯᠤᠯ ᠪᠠ ᠵᠣᠷᠢᠭᠵᠢᠭᠤᠯᠤᠯ ᠪᠣᠯᠪᠠ᠃ | ᠲᠡᠳᠡ ᠳᠣᠲᠣᠭᠠᠳᠤ ᠶᠢ ᠬᠠᠮᠠᠭᠠᠯᠠᠬᠤ ᠦᠢᠯᠡᠰ ᠲᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠷᠠᠳ ᠤᠨ ᠴᠠᠭᠳᠠᠭ᠎ᠠ ᠶᠢ ᠪᠦᠬᠦ ᠬᠦᠴᠦᠨ ᠢᠶᠠᠷ ᠢᠶᠠᠨ | ᠬᠠᠪᠰᠤᠷᠤᠨ ᠬᠠᠤᠯᠢ ᠬᠡᠷᠡᠭᠵᠢᠭᠦᠯᠦᠨ ᠡᠭᠦᠷᠭᠡ ᠭᠦᠢᠴᠡᠳᠬᠡᠵᠦ᠂ ᠤᠯᠠᠨ ᠲᠦᠮᠡᠨ ᠳᠤ ᠦᠨᠡᠨᠴᠢ ᠪᠠᠷ ᠦᠢᠯᠡᠴᠢᠯᠡᠨ ᠠᠪᠤᠷᠠᠨ ᠲᠤᠰᠠᠯᠠᠵᠤ᠂ ᠬᠠᠷᠠᠮ ᠦᠭᠡᠢ ᠵᠣᠷᠢᠭᠤᠯᠵᠤ | ᠲᠦᠭ ᠲᠦᠮᠡᠨ ᠠᠶᠢᠯ ᠡᠷᠦᠬᠡ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠪᠠ᠃ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ | ᠬᠠᠪᠰᠤᠷᠤᠭᠴᠢ ᠴᠠᠭᠳᠠᠭ᠎ᠠ︾ ᠶᠢᠨ ᠱᠠᠩᠨᠠᠯ ᠬᠦᠷᠲᠡᠭᠰᠡᠳ ᠤᠨ ᠳᠣᠲᠣᠷ᠎ᠠ᠂ ᠣᠯᠠᠨ ᠲᠦᠮᠡᠨ ᠤ ᠰᠡᠳᠬᠢᠯ ᠳᠠᠬᠢ ︽ᠴᠠᠭ ᠤᠨ ᠬᠤᠷ᠎ᠠ︾ ᠯᠢᠦ ᠹᠸᠢ᠂ ᠠᠷᠠᠳ ᠤᠨ | ᠵᠣᠪᠠᠨᠢᠯ ᠢ ᠦᠨᠡᠨ ᠰᠡᠳᠬᠢᠯ ᠠᠴᠠ ᠪᠠᠨ ᠲᠠᠶᠢᠯᠤᠭᠰᠠᠨ ᠲᠣᠰᠬᠤᠨ ᠳᠤ ᠰᠠᠭᠤᠭ᠎ᠠ ᠰᠠᠶᠢᠨ ᠬᠠᠪᠰᠤᠷᠤᠭᠴᠢ ᠴᠠᠭᠳᠠᠭ᠎ᠠ ᠪᠦᠦ ᠢᠦᠶ ᠬᠠᠶ᠂ ᠠᠮᠢ ᠪᠡᠶ᠎ᠡ ᠪᠠᠨ ᠴᠦᠯᠡᠵᠦ | ᠪᠤᠰᠤᠳ ᠢ ᠠᠪᠤᠷᠬᠠᠰᠠᠨ ︽ᠠᠮᠢᠳᠤ ᠯᠸᠢ ᠹᠧᠩ︾ ᠡᠦ ᠶᠦᠩ ᠾᠦᠩ᠂ ᠵᠠᠮ ᠬᠠᠷᠢᠯᠴᠠᠭᠠᠨ ᠤ ᠠᠳᠡᠯ ᠤᠨ ᠰᠢᠢᠳᠪᠦᠷᠢᠯᠡᠯᠳᠡ ᠶᠢᠨ ︽ᠣᠯᠠᠨ ᠠᠴᠠ ᠣᠷᠤᠶᠢᠯᠠᠭᠰᠠᠨ | ᠡᠶᠡᠳᠡᠭᠦᠯᠦᠭᠴᠢ︾ ᠵᠠᠩ ᠸᠧᠶ᠂ ᠲᠤᠷ᠎ᠠ ᠪᠠᠭ᠋ᠠᠷᠬᠠᠯ ᠢᠶᠠᠨ ᠪᠠᠷᠢᠮᠲᠠᠯᠠᠭᠰᠠᠭᠠᠷ ᠢᠷᠡᠭᠰᠡᠨ ᠴᠠᠭᠳᠠᠭᠤᠯ ᠨᠣᠬᠠᠶ ᠶᠢᠨ ᠡᠮᠡᠭᠲᠡᠶ ᠰᠤᠷᠭᠠᠭᠴᠢ ᠯᠢᠶᠠᠩ ᠽᠧ᠂ ᠠᠵᠢᠯᠯᠠᠭ᠎ᠠ | ᠪᠦᠬᠦᠨ ᠳᠤ ᠪᠠᠨ ᠴᠠᠭᠠᠷᠠᠭᠰᠠᠨ ᠭᠢᠯᠠᠯᠵᠠᠮ᠎ᠠ ᠰᠠᠷᠭᠠᠶ ᠪᠠᠶ ᠰᠢᠶᠤᠤ ᠮᠧᠶ᠂ ᠵᠠᠮ ᠬᠠᠷᠢᠯᠴᠠᠭᠠᠨ ᠤ ᠠᠮᠤᠷ ᠲᠤᠭᠳᠠᠭᠤᠨ ᠢ ᠬᠠᠮᠠᠭᠠᠯᠠᠭᠴᠢ ᠮᠠ ᠪᠠᠶ ᠭᠧ᠂ ᠶᠡᠭᠡ ᠬᠡᠷᠡᠭ | ᠳᠠᠷᠤᠭᠳᠠᠮᠠᠯ ᠬᠡᠷᠡᠭ ᠢ ᠣᠯᠠᠨᠲᠠ ᠢᠯᠡᠷᠡᠭᠦᠯᠦᠭᠰᠡᠨ ᠣᠷᠣ ᠮᠥᠷ ᠢ ᠰᠢᠯᠭᠠᠨ ᠪᠠᠶᠢᠴᠠᠭᠠᠬᠤ ︽ᠮᠡᠷᠭᠡᠨ ᠲᠠᠩᠨᠠᠭᠴᠢ︾ ᠯᠢᠦ ᠳ᠋ᠦᠩ ᠱᠧᠩ᠂ ᠣᠶᠤᠨᠴᠢ ᠬᠡᠷᠡᠭᠯᠡᠭᠡᠨ ᠤ | ︽ᠬᠤᠰᠢᠭᠤᠴᠢ︾ ᠬᠠᠤᠯᠢ ᠬᠡᠷᠡᠭᠵᠢᠭᠦᠯᠬᠦ ᠬᠤᠷᠢᠭ᠎ᠠ ᠱᠤᠭᠤᠮ ᠢ ︽ᠰᠠᠬᠢᠨ ᠬᠠᠮᠠᠭᠠᠯᠠᠭᠴᠢ︾ ᠯᠢ ᠷᠦᠢ᠂ ᠡᠷᠡᠯᠬᠡᠭ ᠪᠠᠭᠠᠲᠤᠷᠯᠢᠭ ᠢᠶᠠᠷ ᠴᠡᠭᠡᠵᠢ ᠳᠦᠷᠢᠨ | ᠰᠦᠷᠳᠡᠭᠦᠯᠦᠯ ᠢ ᠡᠰᠡᠷᠭᠦᠴᠡᠬᠦ ᠬᠠᠪᠰᠤᠷᠤᠭᠴᠢ ᠴᠠᠭᠳᠠᠭ᠎ᠠ ᠾᠧ ᠴᠢᠶᠠᠩ᠃ | ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ ᠶᠢᠨ ᠱᠠᠩᠨᠠᠯ ᠬᠦᠷᠲᠡᠭᠰᠡᠳ ᠪᠣᠯ᠂ ᠠᠶᠤᠯ ᠲᠦᠭᠰᠢᠭᠦᠷᠢ ᠶᠢ | ᠡᠮᠦᠨ᠎ᠡ ᠪᠠᠨ ᠬᠠᠯᠬᠠᠯᠠᠭᠰᠠᠨ ᠳᠡᠯᠪᠡᠷᠡᠯᠲᠡ ᠶᠢᠨ ᠡᠳ᠋ ᠢ ᠡᠪᠳᠡᠯᠡᠨ ᠠᠷᠢᠯᠭᠠᠬᠤ ᠬᠤᠰᠢᠭᠤᠴᠢ ᠭᠤᠤ ᠵᠢᠶᠦ᠋ᠨ᠂ ᠡᠮᠦᠨ᠎ᠡ ᠨᠢ ᠭᠠᠪᠰᠢᠭᠠᠶᠢᠯᠠᠨ ᠬᠠᠷᠢᠭᠤᠴᠠᠯᠭ᠎ᠠ ᠪᠠᠨ | ᠡᠭᠦᠷᠭᠡᠯᠡᠵᠦ ᠪᠠᠶᠢᠭ᠎ᠠ ︽ᠬᠠᠲᠠᠨ ᠵᠣᠷᠢᠭᠲᠠᠢ︾ ᠯᠦ ᠮᠢᠩ᠂ ᠰᠥᠰᠥ ᠵᠣᠷᠢᠭ ᠲᠠᠢ ᠴᠠᠭᠳᠠᠭ᠎ᠠ ᠶᠢᠨ ᠬᠤᠸᠠᠷᠠᠨ ᠤ ᠬᠤᠣᠷ ᠴᠠᠭᠠᠵᠠᠯᠠᠬᠤ ᠡᠮᠡᠭᠲᠡᠶ ᠬᠤᠰᠢᠭᠤᠴᠢ ᠰᠦᠨ | ᠵᠢᠤᠸᠠᠨ᠂ ᠰᠢᠭᠤᠶᠢᠲᠤ ᠣᠷᠣᠨ ᠤ ᠠᠮᠤᠷ ᠠᠮᠤᠭᠤᠯᠠᠩ ᠢ ᠦᠨᠡᠨᠴᠢ ᠪᠠᠷ ᠰᠠᠬᠢᠨ ᠬᠠᠮᠠᠭᠠᠯᠠᠬᠤ ︽ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠬᠤᠷᠴᠠ | ᠰᠡᠯᠡᠮ᠎ᠡ︾ ᠵᠣᠣ ᠽᠦᠸᠧ ᠳ᠋ᠦᠩ᠂ ᠲᠥᠷᠰᠦ ᠰᠢᠢᠳᠪᠦᠷᠢᠯᠡᠯᠳᠡ ᠶᠢᠨ ᠲᠤᠷᠰᠢᠨ ᠪᠠᠶᠢᠴᠠᠭᠠᠬᠤ ᠹᠷᠣᠨᠲ ᠤᠨ ︽ᠪᠣᠭᠤᠮᠲᠠ ᠰᠢᠪᠲᠤᠯᠬᠤ ᠴᠢᠳᠠᠪᠤᠷᠢᠲᠠᠨ︾ ᠮᠦ ᠸᠧᠨ | ᠪᠥᠸᠧ᠂ ᠮᠥᠷ ᠰᠦᠪᠡᠭᠴᠢ ᠠᠴᠠ ᠦᠨᠡᠨ ᠪᠠᠶᠢᠳᠠᠯ ᠢ ᠬᠠᠶᠢᠵᠤ ᠪᠠᠶᠢᠭ᠎ᠠ ᠡᠮᠡᠭᠲᠡᠢ ᠬᠠᠤᠯᠢ ᠶᠢᠨ ᠡᠮᠴᠢ ᠴᠦᠨ ᠡᠾᠦ᠋ᠢ᠂ ᠶᠠᠯ᠎ᠠ ᠨᠢᠭᠦᠯ ᠢ ᠦᠯᠡᠳᠡᠭᠡᠯ ᠦᠭᠡᠢ | ᠢᠯᠡᠷᠡᠭᠦᠯᠳᠡᠭ ︽ᠠᠯᠬᠤᠴᠠ ᠶᠢᠨ ᠮᠥᠷᠳᠡᠯᠲᠡ ᠶᠢᠨ ᠲᠤᠰᠬᠠᠢ ᠮᠡᠷᠭᠡᠵᠢᠯᠲᠡᠨ︾ ᠪᠦᠬᠡ᠂ ᠣᠶᠤᠨ ᠰᠠᠨᠠᠭ᠎ᠠ ᠪᠠᠨ ᠠᠯᠳᠠᠭᠰᠠᠳ ᠤᠨ ᠶᠠᠯ᠎ᠠ ᠪᠠᠨ ᠲᠠᠶᠢᠯᠬᠤ ᠶᠢᠨ ᠪᠠᠲᠤ | ᠬᠠᠯᠬᠠᠪᠴᠢ ︽ᠪᠠᠭᠰᠢ︾ ᠵᠧᠦ ᠴᠦᠨ ᠹᠧᠩ᠂ ︽ᠰᠢᠪᠠᠭᠤᠳ ᠤᠨ ᠵᠢᠷᠭᠠᠯᠠᠩᠲᠤ ᠣᠷᠤᠨ︾ ᠤ ᠠᠮᠢ ᠠᠬᠤᠢ ᠶᠢᠨ ᠬᠠᠮᠠᠭᠠᠯᠠᠭᠴᠢ ᠶᠢᠨ ᠯᠢᠶᠠᠩ᠂ ᠠᠷᠠᠳ ᠣᠯᠠᠨ ᠤ | ᠠᠷᠠᠯ ᠤᠨ ᠱᠠᠷ ᠰᠢᠭ᠋ ᠵᠢᠳᠬᠦᠳᠡᠭ ᠭᠤᠪᠢ ᠶᠢᠨ ︽ᠰᠠᠶᠢᠨ ᠴᠠᠭᠳᠠᠭ᠎ᠠ︾ ᠬᠠᠰ ᠪᠣᠯᠤᠨ᠎ᠠ᠃ ᠲᠣᠰ ᠤᠳᠠᠭᠠᠨ ᠤ ᠱᠠᠩᠨᠠᠯ ᠭᠠᠷᠳᠠᠭᠤᠯᠬᠤ ᠳᠤ ᠪᠠᠰᠠ ᠨᠢᠭᠤᠴᠠ | ᠹᠷᠣᠨᠲ ᠤᠨ ︽ᠳᠠᠭᠠᠭᠤᠯᠤᠭᠴᠢ︾ ᠼᠤᠤ ᠬᠤᠶ ᠳᠤ ᠣᠨᠴᠠᠭᠠᠶᠢᠯᠠᠨ ᠬᠦᠨᠳᠦᠳᠬᠡᠯ ᠳᠡᠪᠰᠢᠭᠦᠯᠪᠡ᠃ | ᠴᠠᠭᠳᠠᠭ᠎ᠠ ᠶᠢᠨ ᠠᠷᠪᠠᠨ ᠵᠢᠯ ᠤᠨ ᠤᠢ ᠶᠢᠨ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠶᠤᠸᠠᠨ ᠳ᠋ᠠ ᠰᠧᠨ᠂ ᠴᠠᠭᠳᠠᠭ᠎ᠠ ᠶᠢᠨ ᠬᠤᠷᠢᠨ ᠵᠢᠯ ᠤᠨ ᠤᠢ ᠶᠢᠨ | ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠷᠧᠨ ᠼᠠᠢ ᠮᠧᠢ᠂ ᠴᠠᠭᠳᠠᠭ᠎ᠠ ᠶᠢᠨ ᠭᠤᠴᠢᠨ ᠵᠢᠯ ᠤᠨ ᠤᠢ ᠶᠢᠨ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠯᠢᠦ ᠶᠠᠨ | ᠯᠢᠨ᠂ ᠴᠠᠭᠳᠠᠭ᠎ᠠ ᠶᠢᠨ ᠭᠤᠴᠢᠨ ᠲᠠᠪᠤᠨ ᠵᠢᠯ ᠤᠨ ᠤᠢ ᠶᠢᠨ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠵᠠᠩ ᠴᠠᠩ᠂ ᠴᠠᠭᠳᠠᠭ᠎ᠠ ᠶᠢᠨ ᠳᠥᠴᠢᠨ ᠵᠢᠯ ᠤᠨ ᠤᠢ ᠶᠢᠨ | ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠯᠦ ᠽᠧ ᠰᠢᠶᠠᠩ᠂ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠭᠰᠠᠨ ᠠᠷᠠᠳ ᠤᠨ ᠴᠠᠭᠳᠠᠭ᠎ᠠ ᠶᠢᠨ | ᠲᠥᠯᠥᠭᠡᠯᠡᠭᠴᠢ ᠯᠢᠨ ᠢᠦᠢ ᠬᠤᠩ 2023 ᠣᠨ ᠤ ︽ᠴᠠᠭᠳᠠᠭ᠎ᠠ ᠶᠢᠨ ᠢᠷᠠᠭᠤ ᠠᠯᠳᠠᠷ︾ ᠬᠦᠷᠳᠡᠭᠴᠢ ᠶᠢᠨ ᠲᠥᠯᠥᠭᠡᠯᠡᠭᠴᠢ ᠪᠣᠯᠵᠤ᠂ ᠠᠵᠢᠯᠯᠠᠭᠠᠨ ᠤ ᠠᠬᠤᠢ | ᠲᠠᠯᠠᠪᠠᠢ ᠳᠤ ᠥᠪᠡᠷ ᠤᠨ ᠭᠡᠰᠡᠨ ᠢᠷᠠᠭᠤ ᠠᠯᠳᠠᠷ ᠤᠨ ᠭᠠᠪᠢᠶᠠᠨ ᠲᠡᠮᠳᠡᠭ ᠢ ᠣᠯᠪᠠ᠃ | ᠦᠵᠡᠭᠳᠡᠯᠲᠦ ᠵᠦᠴᠦᠭᠡ ︽ᠢᠲᠡᠭᠡᠯ︾ ᠨᠢ ᠴᠠᠭ ᠣᠷᠣᠨ ᠵᠠᠶ ᠶᠢ ᠠᠯᠤᠰᠯᠠᠭᠰᠠᠨ ᠶᠠᠷᠢᠯᠴᠠᠭ᠎ᠠ ᠪᠠᠷ ᠦᠷᠡᠭᠳᠡᠭᠰᠡᠨ ᠪᠠᠭᠠᠲᠤᠷ ᠪᠤᠯᠠᠭ ᠤᠨ ᠪᠡᠶ᠎ᠡ | ᠦᠷᠡᠭᠳᠡᠭᠰᠡᠨ ᠤ ᠲᠠᠷᠠᠭ᠎ᠠ᠂ ᠡᠬᠡᠨᠡᠷ ᠰᠦᠸᠧ ᠯᠢᠶᠠᠨ ᠬᠤᠩ ᠨᠥᠬᠦᠷ ᠤᠨ ᠢᠶᠠᠨ ᠴᠠᠭᠳᠠᠭᠠᠨ ᠨᠣᠮᠧᠷ ᠢ ᠵᠠᠯᠭᠠᠮᠵᠢᠯᠠᠬᠤ ᠶᠢᠨ ᠬᠠᠮᠲᠤ ᠬᠦᠦ ᠪᠠᠨ ᠴᠠᠭᠳᠠᠭ᠎ᠠ ᠶᠢᠨ | ᠵᠠᠮ ᠢᠶᠠᠷ ᠵᠠᠮᠨᠠᠭᠤᠯᠬᠤ ᠪᠠᠷ ᠰᠤᠷᠭᠠᠭᠰᠠᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠪᠠ᠃ ᠲᠡᠷᠡ ᠦᠭᠡ ᠪᠦᠬᠦᠨ ᠨᠢ ᠲᠥᠷᠦᠯ ᠲᠦᠷᠦᠭᠰᠡᠳ ᠤᠨ ᠬᠢᠨ ᠬᠠᠮᠤᠭ ᠤᠨ | ᠠᠯᠤᠰ ᠬᠡᠲᠦ ᠶᠢᠨ ᠬᠦᠰᠡᠯ ᠮᠥᠷᠥᠭᠡᠳᠦᠯ ᠪᠠᠶᠢᠵᠤ᠂ ᠲᠣᠭᠯᠠᠭᠴᠢᠳ ᠲᠡᠳᠡᠭᠡᠷ ᠦᠭᠡ ᠥᠭᠦᠯᠡᠪᠦᠷᠢ ᠶᠢ ᠨᠢ ᠬᠡᠯᠡᠬᠦ ᠳᠤ ᠬᠤᠭᠤᠯᠠᠢ ᠨᠢ ᠴᠡᠴᠡᠷᠡᠨ᠂ ᠠᠬᠤᠢ | ᠲᠠᠯᠠᠪᠠᠢ ᠳᠠᠬᠢ ᠬᠦᠮᠦᠰ ᠤᠨ ᠰᠡᠳᠬᠢᠯ ᠬᠥᠳᠡᠯᠵᠦ ᠨᠢᠳᠦᠨ ᠨᠢ ᠵᠠᠶᠢᠷᠳᠤᠪᠠ᠃ | ᠳᠠᠭᠤᠤ ᠬᠥᠭᠵᠢᠮ ᠤᠨ ᠠᠩᠬᠢ ︽ᠴᠠᠭᠳᠠᠭ᠎ᠠ ᠶᠢᠨ ᠴᠤᠭ ᠵᠢᠪᠬᠤᠭ᠎ᠠ︾᠂ ᠳᠠᠭᠤᠤ ᠬᠥᠭᠵᠢᠮᠲᠦ ᠦᠵᠡᠭᠳᠡᠯᠲᠦ ᠵᠦᠴᠦᠭᠡ ︽ᠬᠠᠪᠰᠤᠷᠤᠭᠴᠢ ᠴᠠᠭᠳᠠᠭ᠎ᠠ ᠶᠢᠨ | ᠬᠠᠪᠤᠷ ᠤᠨ ᠡᠲᠦᠷ︾᠂ ᠣᠨᠴᠠ ᠲᠥᠷᠦᠯ ᠤᠨ ᠴᠠᠭᠳᠠᠭ᠎ᠠ ᠶᠢᠨ ᠪᠠᠶᠢᠯᠳᠤᠬᠤ ᠠᠷᠭ᠎ᠠ ᠶᠢᠨ ᠢᠯᠡᠳᠬᠡᠯᠲᠡ ︽ᠡᠷᠡᠯᠬᠡᠭ ᠪᠠᠭᠠᠲᠤᠷ︾᠂ ᠦᠵᠡᠭᠳᠡᠯᠲᠦ ᠥᠭᠦᠯᠡᠯᠲᠡ | ︽ᠲᠡᠷᠢᠭᠦᠨ ᠳᠡᠰ ᠤᠨ ᠲᠡᠮᠦᠷ ᠴᠡᠷᠢᠭ︾᠂ ᠤᠤᠭᠠᠯ ᠳᠠᠭᠤᠤ ︽ᠭᠤᠪᠢ ᠶᠢᠨ ᠴᠠᠭᠳᠠᠭ᠎ᠠ︾᠂ ᠡᠮᠡᠭᠲᠡᠶᠢᠴᠦᠳ ᠤᠨ ᠤᠯᠠᠨ ᠬᠦᠮᠦᠨ ᠤ ᠪᠥᠵᠢᠭ ︽ᠳᠣᠲᠣᠭᠠᠳᠤ ᠶᠢ | ᠬᠠᠮᠠᠭᠠᠯᠠᠬᠤ ᠨᠠᠮ ᠢᠶᠠᠨ ᠳᠠᠭᠠᠨ᠎ᠠ︾ ᠁ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠨᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠤᠭ ᠵᠢᠪᠬᠤᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠪᠠ᠃ | ᠬᠠᠮᠤᠭ ᠰᠡᠭᠦᠯ ᠳᠤ᠂ ᠪᠦᠬᠦ ᠬᠥᠮᠦᠰ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭ᠎ᠠ ᠶᠢᠨ ᠳᠠᠭᠤᠤ︾ ᠶᠢ ᠬᠠᠩᠭᠢᠨᠠᠲᠠᠯ᠎ᠠ ᠳᠠᠭᠤᠯᠠᠵᠤ᠂ | ᠰᠦᠷ ᠳᠠᠯᠠᠶᠢᠴᠠᠲᠠᠢ ᠬᠦᠭ ᠠᠶᠠᠰ ᠨᠢ ᠪᠦᠬᠦ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤ ᠨᠢ ᠬᠦᠷᠭᠡᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ | ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠠᠮ ᠢᠶᠠᠨ ᠡᠭᠦᠷᠢᠳᠡ ᠳᠠᠭᠠᠬᠤ ᠣᠮᠤᠭ ᠲᠡᠭᠦᠯᠳᠡᠷ ᠲᠠᠩᠭᠠᠷᠢᠭ ᠢ ᠠᠮᠢᠳᠤᠯᠢᠭ ᠢᠶᠠᠷ ᠢᠯᠡᠷᠡᠭᠦᠯᠪᠡ᠃ |