ᠣᠶᠢᠷ᠎ᠠ ᠳᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠦᠷᠢᠶ᠎ᠠ | ᠰᠤᠮᠤᠨ ᠤ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠮᠠᠯᠴᠢᠨ ︽ᠠᠷᠠᠳ ᠤᠨ ᠴᠠᠭᠳᠠᠭ᠎ᠠ ᠠᠷᠠᠳ ᠲᠦᠮᠡᠨ ᠳᠤ ᠦᠢᠯᠡᠴᠢᠯᠡᠨ ᠤᠴᠢᠷ ᠶᠠᠪᠤᠳᠠᠯ ᠢ | ᠪᠦᠲᠦᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︾ ᠭᠡᠰᠡᠨ ᠬᠡᠮᠡᠷᠯᠢᠭ ᠲᠤᠭ ᠢ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠭᠠᠷ ᠲᠤ ᠬᠦᠷᠭᠡᠵᠦ᠂ | ᠠᠷᠠᠳ ᠤᠨ ᠴᠠᠭᠳᠠᠭ᠎ᠠ ᠶᠢᠨ ᠲᠡᠳᠡᠨ ᠢ ᠬᠠᠪᠰᠤᠷᠤᠨ ᠭᠡᠭᠡᠭᠰᠡᠨ ᠬᠤᠨᠢ ᠶᠢ ᠨᠢ ᠡᠷᠢᠵᠦ ᠠᠪᠴᠢᠷᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | | | | ᠬᠡᠳᠦᠨ ᠡᠳᠦᠷ ᠤᠨ ᠡᠮᠦᠨ᠎ᠡ᠂ ᠬᠠᠷᠢᠶᠠᠲᠤ ᠣᠷᠣᠨ ᠤ ᠮᠠᠯᠴᠢᠨ ᠲᠣᠮᠢᠯᠠᠭᠰᠠᠨ ᠰᠠᠯᠪᠤᠷᠢ ᠳᠤ ᠢᠷᠡᠵᠦ᠂ ᠥᠪᠡᠷ ᠤᠨ 10 ᠬᠤᠨᠢ ᠨᠢ ᠠᠯᠠᠭ᠎ᠠ ᠪᠣᠯᠤᠭᠰᠠᠨ ᠪᠣᠯᠬᠤᠷ | ᠠᠷᠠᠳ ᠤᠨ ᠴᠠᠭᠳᠠᠭ᠎ᠠ ᠪᠠᠷ ᠬᠠᠪᠰᠤᠷᠤᠭᠤᠯᠤᠨ ᠡᠷᠢᠭᠦᠯᠬᠦ ᠪᠠᠷ ᠭᠤᠶᠤᠴᠢᠯᠠᠪᠠ᠃ ᠵᠢᠵᠢᠭᠦᠷ ᠤᠨ ᠠᠷᠠᠳ ᠤᠨ ᠴᠠᠭᠳᠠᠭ᠎ᠠ ᠣᠯᠠᠨ ᠲᠦᠮᠡᠨ ᠤ ᠠᠰᠢᠭ ᠲᠤᠰᠠ ᠳᠤ ᠪᠠᠭ᠎ᠠ | ᠤᠴᠢᠷ ᠥᠬᠡᠶ ᠭᠡᠰᠡᠨ ᠵᠠᠷᠴᠢᠮ ᠢ ᠪᠠᠷᠢᠮᠲᠠᠯᠠᠨ᠂ ᠲᠤᠬᠠᠶ ᠶᠢᠨ ᠲᠠᠯᠠᠪᠠᠶ ᠳᠤ ᠬᠦᠷᠴᠦ᠂ ᠨᠠᠷᠢᠨ ᠨᠢᠮᠪᠠᠶ ᠬᠠᠶᠢᠨ ᠪᠠᠶᠢᠴᠠᠭᠠᠭᠠᠳ ᠬᠤᠨᠢ ᠢᠮᠠᠭᠠᠨ ᠤ | ᠬᠤᠯᠠᠭᠠᠶᠢᠯᠠᠭᠳᠠᠭᠰᠠᠨ ᠣᠷᠣ ᠮᠥᠷ ᠣᠯᠳᠠᠭᠰᠠᠨ ᠥᠬᠡᠶ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠬᠡᠷᠡᠭ ᠭᠠᠷᠤᠭᠰᠠᠨ ᠬᠤᠨᠢᠨ ᠬᠠᠰᠢᠶ᠎ᠠ ᠪᠠᠷ ᠲᠥᠪ ᠪᠣᠯᠭᠠᠵᠤ᠂ | ᠡᠷᠢᠬᠦ ᠬᠡᠪᠴᠢᠶ᠎ᠡ ᠪᠠᠨ ᠥᠷᠭᠡᠳᠬᠡᠬᠦ ᠶᠢᠨ ᠵᠡᠷᠭᠡ ᠳᠤ ᠸᠢᠴᠠᠲ ᠤᠨ ᠴᠤᠭᠯᠠᠷᠠᠯ᠂ ᠨᠠᠶᠢᠵᠠ ᠶᠢᠨ ᠴᠤᠭᠯᠠᠷᠠᠯ ᠢ ᠠᠰᠢᠭᠯᠠᠨ ᠳᠠᠮᠵᠢᠭᠤᠯᠤᠨ ᠲᠠᠷᠬᠠᠭᠠᠵᠤ᠂ ᠠᠯᠳᠠᠭᠰᠠᠨ | ᠬᠤᠨᠢᠨ ᠰᠦᠷᠦᠭ ᠢ ᠬᠠᠮᠲᠤ ᠪᠠᠷ ᠡᠷᠢᠬᠦ ᠶᠢ ᠤᠷᠢᠶᠠᠯᠠᠵᠠᠶ᠃ ᠳᠥᠷᠪᠡᠨ ᠴᠠᠭ ᠤᠨ ᠪᠠᠶᠢᠴᠠᠭᠠᠯᠲᠠ ᠪᠠᠷ ᠳᠡᠮᠵᠢᠨ᠂ ᠡᠴᠦᠰ ᠲᠤ ᠪᠠᠨ ᠣᠶᠢᠷ᠎ᠠ ᠬᠠᠪᠢ ᠶᠢᠨ | ᠦᠢᠯᠡᠳᠪᠦᠷᠢᠯᠡᠯ ᠤᠨ ᠠᠭᠤᠷᠬᠠᠶ ᠠᠴᠠ ᠠᠯᠳᠠᠭᠰᠠᠨ ᠬᠤᠨᠢᠨ ᠰᠦᠷᠦᠭ ᠢ ᠡᠷᠢᠵᠦ ᠣᠯᠤᠭᠰᠠᠨ ᠪᠥᠭᠡᠳ ᠮᠠᠯᠴᠢᠨ ᠢ ᠬᠠᠪᠰᠤᠷᠤᠨ ᠬᠤᠨᠢᠨ ᠰᠦᠷᠦᠭ ᠢ ᠨᠢ ᠭᠡᠷ ᠲᠤ ᠨᠢ | ᠬᠦᠷᠭᠡᠵᠦ᠂ ᠬᠤᠶᠢᠰᠢᠳᠠ ᠵᠠᠪᠠᠯ ᠰᠠᠶᠢᠲᠤᠷ ᠬᠠᠷᠠᠵᠤ ᠬᠠᠮᠢᠶᠠᠷᠴᠤ᠂ ᠠᠵᠤ ᠠᠬᠤᠶ ᠶᠢᠨ ᠬᠤᠬᠢᠷᠠᠯ ᠭᠠᠷᠭᠠᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠵᠠᠬᠢᠪᠠ᠃ | | |