ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠬᠤᠷᠠᠯᠳᠤᠪᠠ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠶᠢ ᠪᠣᠯᠭᠠᠬᠤ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠤᠯᠭᠠᠭᠤᠷᠢᠯᠠᠯ ᠪᠠ ᠦᠢᠯᠡᠴᠢᠯᠡᠭᠡ ᠬᠠᠩᠭᠠᠶ᠎ᠠ
ᠨᠡᠶᠢᠲᠡᠯᠡᠭᠰᠡᠨ ᠴᠠᠭ᠄
2024/1/31
      1 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠥᠬᠡᠬᠤᠲᠠ ᠳᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠠᠵᠢᠯ ᠢ ᠳ᠋ᠦᠩᠨᠡᠨ᠂ ᠣᠳᠣᠬᠠᠨ ᠤ ᠪᠠᠶᠢᠳᠠᠯ ᠢ ᠵᠠᠳᠠᠯᠵᠤ᠂ 2024 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.png
     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠥᠨᠳᠥᠷ ᠲᠦᠪᠰᠢᠨ ᠲᠠᠢ ᠠᠮᠤᠷ ᠲᠦᠪᠰᠢᠨ ᠪᠠ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠠᠮᠤᠷ ᠲᠠᠶᠢᠪᠤᠩ ᠥᠪᠥᠷ ᠮᠣᠩᠭᠤᠯ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠬᠤᠶᠠᠷ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠨ ᠬᠤᠷᠢᠭᠯᠠᠬᠤ᠂ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ᠂ ᠲᠤᠰᠬᠠᠢ ᠵᠦᠢᠯ ᠢᠶᠠᠷ ᠵᠠᠰᠠᠬᠤ᠂ ᠴᠣᠬᠢᠯᠲᠠ ᠥᠭᠴᠦ ᠰᠡᠷᠭᠡᠶᠢᠯᠡᠬᠦ ᠬᠠᠮᠢᠶᠠᠷᠤᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠲᠠᠪᠤᠨ ᠶᠡᠭᠡ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ᠂ ᠤᠶᠤᠨᠲᠤ ᠳᠣᠲᠣᠭᠠᠳᠤ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ᠂ ᠰᠢᠯᠭᠠᠷᠠᠭᠰᠠᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠳᠥᠷᠪᠡᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠦᠵᠡᠯ ᠰᠠᠨᠠᠭ᠎ᠠ ᠣᠶᠢᠯᠠᠭᠠᠭᠳᠠᠬᠤᠨ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠳᠠᠯ᠂ ᠡᠭᠦᠷᠭᠡ ᠴᠢᠳᠠᠪᠤᠷᠢ ᠶᠢᠨ ᠰᠢᠰᠲ᠋ᠧᠮᠵᠢ᠂ ᠲᠤᠯᠭᠠᠭᠤᠷᠢᠯᠠᠯ ᠤᠨ ᠪᠠᠲᠤᠯᠠᠭ᠎ᠠ᠂ ᠡᠩᠨᠡᠭᠡ ᠶᠢᠨ ᠬᠡᠪ ᠴᠢᠨᠠᠷ ᠵᠡᠷᠭᠡ ᠲᠠᠪᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠳᠬᠡᠨ ᠪᠣᠶ ᠪᠣᠯᠭᠠᠬᠤ ᠪᠠ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠠ ︽ᠲᠤᠯᠤᠭᠠᠨ ᠵᠦᠶᠯ ᠤᠨ ᠭᠤᠤᠯᠳᠠᠯᠭ᠎ᠠ ᠲᠠᠢ ᠠᠵᠢᠯ︾ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤᠯᠠᠭ᠎ᠠ ᠬᠠᠩᠭᠠᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ 2023 ᠣᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠳᠡᠰ ᠲᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠥᠭᠡᠷᠡᠴᠢᠯᠡᠯᠲᠡ ᠶᠢ ᠭᠤᠶᠢᠪᠢᠰᠢ ᠦᠭᠡᠢ ᠠᠳᠬᠤᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠬᠠᠳᠠ ᠴᠢᠯᠠᠭᠤ ᠮᠡᠲᠦ ᠪᠠᠲᠤ ᠪᠠᠬᠢ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠨ ᠪᠠᠶᠢᠭᠤᠯᠵᠠᠢ᠃ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠬᠥᠲᠥᠯᠥᠨ ᠵᠠᠮᠴᠢᠯᠠᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ ᠡᠭᠦᠨ ᠤ ᠬᠠᠮᠲᠤ᠂ ᠪᠠᠰᠠ ᠴᠤ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ ᠤ ᠬᠠᠯᠠᠮᠵᠢᠯᠠᠨ ᠳᠡᠮᠵᠢᠭᠰᠡᠨ ᠤ ᠦᠷ᠎ᠡ ᠳ᠋ᠦᠩ ᠮᠥᠨ᠂ ᠨᠠᠩ ᠴᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠥᠬᠦᠷᠡᠰᠢ ᠥᠬᠡᠶ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ ᠭᠡᠵᠦ ᠵᠢᠭᠠᠵᠤ ᠭᠠᠷᠭᠠᠪᠠ᠃
2.png
     ᠬᠤᠷᠠᠯ ᠠᠴᠠ᠂ 2024 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠬᠤ ᠪᠠ ᠥᠴᠦᠬᠡᠨ ᠴᠦ ᠬᠡᠯᠪᠡᠶᠢᠬᠦ ᠦᠭᠡᠢ ᠪᠠᠷ ᠪᠠᠷᠢᠮᠲᠠᠯᠠᠵᠤ᠂ ᠠᠮᠤᠷ ᠲᠣᠭᠲᠠᠭᠤᠨ ᠢ ᠬᠠᠮᠠᠭᠠᠯᠠᠬᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠦᠢᠯᠡᠴᠢᠯᠡᠭᠡᠨ ᠤ ᠬᠠᠮᠢᠶᠠᠷᠤᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠩᠨᠡᠭᠡᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠢᠯᠡ ᠳᠦᠷᠦᠭᠳᠡᠯ ᠲᠠᠢ ᠪᠦᠲᠦᠮᠵᠢᠲᠡᠢ ᠠᠭᠤᠰᠤᠯᠴᠠᠬᠤ ᠬᠡᠷᠡᠭᠲᠡᠢ᠃ ︽ᠵᠢᠯ ᠪᠦᠷᠢ ᠬᠡᠳᠦᠨ ᠠᠰᠠᠭᠤᠳᠠᠯ ᠢ ᠤᠨᠢᠨ ᠳᠡᠭᠡᠷ᠎ᠡ ᠨᠢ ᠰᠢᠢᠳᠪᠦᠷᠢᠯᠡᠬᠦ︾ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠤᠰᠬᠠᠢ ᠲᠦᠷᠦᠯ᠂ ᠴᠢᠬᠤᠯᠠ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠵᠢᠯ ᠪᠦᠷᠢ ᠰᠢᠨ᠎ᠡ ᠬᠤᠪᠢᠷᠠᠯᠲᠠ ᠲᠠᠢ ᠪᠣᠯᠬᠤ ᠶᠢ ᠪᠠᠲᠤᠯᠠᠵᠤ᠂ ᠨᠢᠭᠡ ᠵᠢᠷᠤᠭ ᠲᠥᠰᠦᠪ ᠢ ᠡᠴᠦᠰ ᠲᠤ ᠨᠢ ᠲᠤᠯᠲᠠᠯ᠎ᠠ ᠵᠢᠷᠤᠭᠯᠠᠬᠤ ᠬᠡᠷᠡᠭᠲᠡᠢ᠃ ᠣᠨ ᠤ ᠡᠬᠢᠨ ᠠᠴᠠ ᠡᠬᠢᠯᠡᠨ ᠠᠳᠬᠤᠵᠤ᠂ ᠰᠠᠭᠤᠷᠢ ᠠᠵᠢᠯ ᠠᠴᠠ ᠡᠬᠢᠯᠡᠨ ᠬᠢᠬᠦ ᠶᠢ ᠪᠠᠷᠢᠮᠲᠠᠯᠠᠵᠤ᠂ ︽ᠬᠤᠷᠢᠭ᠎ᠠ ᠱᠤᠭᠤᠮ ᠢ ᠪᠠᠲᠤᠯᠠᠵᠤ᠂ ᠲᠡᠷᠢᠭᠦᠨ ᠤ ᠬᠢ ᠶᠢ ᠲᠡᠮᠡᠴᠡᠨ ᠣᠯᠵᠤ᠂ ᠬᠢᠯᠠᠰ ᠴᠡᠭ ᠢ ᠡᠭᠦᠳᠬᠦ︾ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ 2024 ᠣᠨ ᠳᠤ ᠲᠦᠷᠪᠡᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠰᠡᠷᠭᠡᠶᠢᠯᠡᠨ ᠬᠤᠷᠢᠭᠯᠠᠬᠤ᠂ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ᠂ ᠲᠤᠰᠬᠠᠢ ᠵᠦᠢᠯ ᠢᠶᠠᠷ ᠵᠠᠰᠠᠬᠤ᠂ ᠴᠣᠬᠢᠯᠲᠠ ᠥᠭᠴᠦ ᠰᠡᠷᠭᠡᠶᠢᠯᠡᠬᠦ ᠬᠠᠮᠢᠶᠠᠷᠤᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠲᠠᠪᠤᠨ ᠶᠡᠭᠡ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠬᠡᠷᠡᠭᠲᠡᠢ᠃ ᠬᠤᠶᠠᠷ ᠲᠤ᠂ ᠥᠨᠳᠥᠷ ᠲᠦᠪᠰᠢᠨ ᠲᠠᠢ ᠠᠮᠤᠷ ᠲᠦᠪᠰᠢᠨ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠦᠢᠯᠡᠳᠦᠯᠴᠡᠯ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠬᠤ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ᠂ ᠰᠢᠨ᠎ᠡ ᠶᠢ ᠡᠭᠦᠳᠬᠦ ᠦᠢᠯᠡᠴᠢᠯᠡᠭᠡ᠂ ᠨᠡᠬᠡᠬᠡᠯᠳᠡ ᠬᠢᠵᠦ ᠬᠠᠮᠵᠢᠯᠴᠠᠬᠤ ᠵᠢᠷᠭᠤᠭᠠᠨ ᠵᠦᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠬᠦ ᠲᠠᠯ᠎ᠠ ᠪᠠᠷ᠂ ᠥᠨᠳᠥᠷ ᠪᠦᠲᠦᠮᠵᠢᠲᠡᠢ ᠦᠢᠯᠡᠴᠢᠯᠡᠬᠦ ᠬᠡᠷᠡᠭᠲᠡᠢ᠃ ᠭᠤᠷᠪᠠ ᠳᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ︔ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ︔ ᠦᠨᠳᠦᠰᠦᠨ ᠱᠠᠲᠤᠨ ᠤ ᠰᠠᠭᠤᠷᠢ ᠠᠵᠢᠯ ᠢ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠭᠤᠷᠢ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠪᠴᠢᠯᠡᠨ ᠪᠤᠢ ᠪᠣᠯᠭᠠᠬᠤ ᠪᠠ ᠳᠡᠭᠡᠭᠰᠢᠯᠡᠭᠦᠯᠦᠨ᠎ᠡ᠃ ᠲᠦᠷᠪᠡ ᠳᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠳᠠᠯᠠᠬᠤ ᠪᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭ᠎ᠠ ᠠᠳᠬᠤᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ︔ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭ᠎ᠠ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠲᠠᠯ᠎ᠠ ᠪᠠᠷ ᠰᠢᠨ᠎ᠡ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ︔ ᠴᠢᠳᠠᠪᠤᠷᠢ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠤᠷᠮᠠᠰᠢᠭᠤᠯᠵᠤ ᠬᠥᠲᠥᠯᠦᠨ ᠵᠢᠯᠣᠭᠤᠳᠬᠤ ᠶᠢ ᠴᠢᠩᠭ᠎ᠠ ᠠᠳᠬᠤᠵᠤ᠂ ᠨᠢᠭᠲᠠᠷᠠᠯ ᠤᠨ ᠬᠦᠴᠦᠨ ᠳᠠᠶᠢᠴᠢᠨ ᠬᠦᠴᠦᠨ ᠢ ᠴᠢᠩᠭᠠᠷᠠᠭᠤᠯᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ︽ᠳᠥᠷᠪᠡᠨ ᠲᠡᠮᠦᠷ ᠮᠡᠲᠦ︾ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃
3.png
     ᠬᠤᠷᠠᠯ ᠠᠴᠠ᠂ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠴᠡ᠂ ᠡᠭᠦᠷᠭᠡ ᠬᠠᠷᠠᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠨᠢᠭᠡᠨᠲᠡ ᠲᠣᠳᠣᠷᠬᠠᠶᠢᠯᠠᠪᠠ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠤᠢ᠃ ᠡᠯ᠎ᠡ ᠱᠠᠲᠤᠨ ᠤ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠰᠡᠳᠬᠢᠯ ᠳᠣᠲᠣᠷ᠎ᠠ ᠪᠠᠨ ᠶᠡᠭᠡ ᠪᠠᠶᠢᠷᠢᠰᠢᠯ ᠲᠠᠢ ᠪᠠᠶᠢᠵᠤ᠂ ᠥᠷᠭᠡᠨ ᠬᠠᠷᠠᠴᠠ ᠲᠠᠢ ᠪᠠᠶᠢᠵᠤ᠂ ᠬᠦᠨᠳᠦ ᠡᠭᠦᠷᠭᠡ ᠶᠢ ᠡᠭᠦᠷᠭᠡᠯᠡᠵᠦ᠂ ᠠᠷᠠᠭ᠎ᠠ ᠴᠢᠳᠠᠯ ᠲᠠᠢ ᠪᠠᠶᠢᠵᠤ᠂ ᠵᠠᠩᠭᠢᠯᠠᠭ᠎ᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠠᠩᠭᠢᠯᠠᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ︽ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠬᠠᠷᠢᠭᠤᠴᠠᠬᠤ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ︽ᠪᠣᠳᠠᠲᠠᠢ  ᠠᠵᠢᠯᠯᠠᠬᠤ ᠬᠠᠲᠠᠭᠤᠵᠢᠯᠲᠠᠢ ᠠᠵᠢᠯᠯᠠᠬᠤ ᠤᠷᠠᠨ ᠠᠵᠢᠯᠯᠠᠬᠤ︾ ᠬᠠᠷᠢᠭᠤᠴᠠᠯᠭ᠎ᠠ ᠡᠭᠦᠷᠭᠡᠯᠡᠬᠦ ᠰᠤᠷᠲᠠᠯ᠂ ︽ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ︾ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ᠃ ᠰᠡᠳᠬᠢᠴᠡ ᠪᠠᠷ ᠲᠥᠰᠦᠯ ᠢᠶᠠᠨ ᠬᠤᠪᠢᠷᠠᠭᠤᠯᠬᠤ᠂ ᠲᠥᠰᠦᠯ ᠢᠶᠠᠷ ᠦᠢᠯᠡ ᠠᠵᠢᠯᠯᠠᠭ᠎ᠠ ᠪᠠᠨ ᠬᠤᠪᠢᠷᠠᠭᠤᠯᠬᠤ ᠪᠠᠷ ᠴᠢᠷᠮᠠᠶᠢᠨ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ᠂ ᠨᠠᠮ ᠪᠣᠯᠤᠨ ᠠᠷᠠᠳ ᠲᠦᠮᠡᠨ ᠤ ᠰᠡᠳᠬᠢᠯ ᠬᠠᠨᠤᠮᠵᠢᠲᠠᠢ ᠰᠢᠨ᠎ᠡ ᠠᠮᠵᠢᠯᠲᠠ ᠪᠦᠲᠦᠮᠵᠢ ᠰᠢᠨ᠎ᠡ ᠲᠦᠷᠢ ᠲᠥᠷᠬᠦ ᠪᠠᠷ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤᠯᠠᠭ᠎ᠠ ᠬᠠᠩᠭᠠᠶ᠎ᠠ ᠭᠡᠵᠦ ᠵᠢᠭᠠᠵᠤ ᠭᠠᠷᠭᠠᠠᠪᠠ᠃    ᠬᠥᠬᠡᠬᠤᠲᠠ ᠳᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠵᠣᠬᠢᠬᠤ ᠲᠠᠰ ᠵᠢᠴᠢ ᠲᠡᠭᠦᠨ ᠠᠴᠠ ᠳᠡᠭᠡᠭᠰᠢᠬᠢ ᠲᠤᠰᠢᠶᠠᠯ ᠤᠨ ᠲᠠᠰ ᠤᠨ ᠺᠠᠳ᠋ᠷ᠂ ᠡᠯ᠎ᠡ ᠠᠶᠢᠮᠠᠭ ᠬᠤᠲᠠ᠂ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠬᠥᠬᠡᠬᠤᠲᠠ᠂ ᠮᠠᠨᠵᠤᠤᠷ ᠤᠨ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ᠂ ᠠᠵᠢᠯ ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠭ ᠤᠨ ᠪᠦᠷᠢᠯᠳᠦᠬᠦᠨ ᠵᠢᠴᠢ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠦᠪᠦᠷ ᠮᠤᠩᠭᠤᠯ ᠤᠨ ᠳᠤᠲᠤᠭᠠᠳᠤ ᠶᠢ ᠬᠠᠮᠠᠭᠠᠯᠠᠬᠤ ᠲᠢᠩᠬᠢᠮ
Baidu
map