| ︽ᠸᠠᠶ︕ ᠰᠢᠨ ᠰᠢᠩ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ ᠡ᠂ ᠲᠠᠨ ᠤ ᠬᠠᠷᠢᠶ᠎ᠠ ᠣᠷᠣᠨ ᠤ ᠨᠢᠭᠡᠨ ᠲᠡᠷᠭᠡ ᠤᠬᠢᠶᠠᠬᠤ ᠭᠠᠵᠠᠷ ᠲᠤ ᠵᠠᠭᠤᠷᠠᠯᠳᠤᠭᠠᠨ | ᠭᠠᠷᠴᠠᠶ᠂ ᠲᠦᠷᠭᠡᠨ ᠰᠢᠢᠳᠪᠦᠷᠢᠯᠡᠭᠳᠦᠨ︾ ᠭᠡᠰᠡᠨ ᠴᠠᠭᠳᠠᠭ᠎ᠠ ᠲᠤᠮᠢᠯᠠᠬᠤ ᠵᠠᠷᠯᠢᠭ ᠪᠠᠭᠤᠯᠭᠠᠬᠤ ᠶᠢ ᠳᠠᠭᠠᠯᠳᠤᠨ᠂ ᠪᠤᠭᠤᠲᠤ ᠬᠤᠲᠠ ᠶᠢᠨ ᠳ᠋ᠦᠩ ᠾᠧ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠤᠯ ᠤᠨ ᠪᠠᠶᠢᠳᠠᠯ ᠤᠨ ᠳᠠᠭᠤᠷᠢᠶᠠᠮᠠᠯ ︽ᠤᠯᠠᠭᠠᠨ ᠬᠥᠬᠡ ᠶᠢᠨ ᠡᠰᠡᠷᠭᠦᠴᠡᠯᠳᠦᠯ︾ | ᠤᠨ ᠰᠣᠷᠢᠯᠲᠠ ᠬᠥᠰᠢᠭᠡ ᠪᠠᠨ ᠰᠡᠬᠦᠪᠡ᠃ | | | | ᠲᠤᠰ ᠤᠳᠠᠭ᠎ᠠ ᠶᠢᠨ ︽ᠤᠯᠠᠭᠠᠨ ᠬᠦᠭᠡ ᠶᠢᠨ ᠡᠰᠡᠷᠭᠦᠴᠡᠯᠳᠦᠯ︾ ᠤᠨ ᠰᠣᠷᠢᠯᠲᠠ ᠨᠢ ᠡᠳᠦᠷ ᠲᠤᠳᠤᠮ ᠤᠨ ᠦᠢᠯᠡᠴᠢᠯᠡᠭᠡᠨ ᠪᠠ ᠪᠠᠴᠢᠮ ᠪᠠᠶᠢᠳᠠᠯ ᠢ | ᠠᠷᠭᠠᠴᠠᠬᠤ ᠪᠣᠳᠠᠲᠤ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠡᠢ᠃ ᠬᠢᠨᠠᠨ ᠰᠢᠯᠭᠠᠬᠤ ᠠᠴᠠ ᠡᠮᠦᠨ᠎ᠡ᠂ ︽ᠬᠥᠬᠡ ᠴᠡᠷᠢᠭ︾ ᠤᠨ ᠳᠤᠭᠤᠶᠢᠯᠠᠩ ᠤᠨ ᠬᠢᠨ | ︽ᠤᠷᠢᠳᠴᠢᠯᠠᠨ ᠮᠡᠳᠡᠭᠳᠡᠬᠦ ᠥᠬᠡᠶ᠂ ᠤᠷᠢᠳᠴᠢᠯᠠᠨ ᠰᠡᠷᠡᠮᠵᠢᠯᠡᠭᠦᠯᠬᠦ ᠥᠬᠡᠶ᠂ ᠦᠨᠡᠨ ᠪᠣᠳᠠᠲᠠᠶ ᠴᠠᠭᠳᠠᠭᠤᠯ ᠤᠨ ᠪᠠᠶᠢᠳᠠᠯ ᠪᠠ ᠬᠠᠤᠯᠢ ᠬᠡᠷᠡᠭᠵᠢᠭᠦᠯᠬᠦ ᠣᠷᠴᠢᠨ | ᠨᠥᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠵᠦ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠴᠠᠭᠳᠠᠭᠤᠯ ᠤᠨ ᠪᠠᠶᠢᠳᠠᠯ ᠢ ᠰᠢᠢᠳᠪᠦᠷᠢᠯᠡᠬᠦ | ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠰᠢᠯᠭᠠᠨ ᠪᠠᠶᠢᠴᠠᠭᠠᠵᠤ᠂ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠶᠢᠨ | ᠦᠨᠡᠨ ᠪᠣᠳᠠᠲᠤ ᠴᠢᠨᠠᠷ᠂ ᠪᠠᠴᠢᠮ ᠴᠢᠨᠠᠷ᠂ ᠡᠰᠡᠷᠭᠦᠴᠡᠯᠳᠦᠬᠦ ᠴᠢᠨᠠᠷ ᠢ ᠦᠨᠡᠨ ᠬᠦ ᠪᠠᠳᠤᠯᠠᠪᠠ᠃ ᠪᠣᠳᠠᠲᠤ ᠴᠡᠷᠢᠭ᠂ ᠪᠣᠳᠠᠲᠤ ᠪᠠᠶᠢᠳᠠᠯ᠂ ᠪᠣᠳᠠᠲᠤ ᠦᠵᠡᠮᠵᠢ ᠪᠠᠷ | ︽ᠤᠯᠠᠭᠠᠨ ᠴᠡᠷᠢᠭ︾ ᠤᠨ ᠴᠠᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃ | | | | ︽ᠤᠯᠠᠭᠠᠨ ᠬᠥᠬᠡ ᠶᠢᠨ ᠡᠰᠡᠷᠭᠦᠴᠡᠯᠳᠦᠯ︾ ᠢᠶᠠᠷ ᠳᠠᠮᠵᠢᠭᠤᠯᠤᠨ᠂ ︽ᠤᠯᠠᠭᠠᠨ ᠴᠡᠷᠢᠭ︾ ᠪᠠᠶᠢᠯᠳᠤᠬᠤ ᠲᠤᠲᠤᠮ ᠡᠷᠡᠯᠬᠡᠭ ᠪᠣᠯᠵᠤ᠂ ᠴᠠᠭᠳᠠᠭ᠎ᠠ ᠭᠠᠷᠭᠠᠬᠤ | ᠳᠤᠭᠤᠶᠢᠯᠠᠩ ᠤᠨ ᠬᠢᠨ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ ᠤᠷᠢᠳ ᠢᠶᠠᠷ ᠰᠢᠢᠳᠪᠦᠷᠢᠯᠡᠵᠦ᠂ ᠪᠠᠶᠢᠯᠳᠤᠭᠠᠨ ᠤ ᠬᠠᠮᠤᠭ ᠤᠨ ᠪᠠᠭ᠎ᠠ ᠨᠢᠭᠡᠴᠢ ᠶᠢ | ᠪᠦᠷᠢᠯᠳᠦᠭᠦᠯᠪᠡ᠃ ᠲᠤᠬᠠᠢ ᠶᠢᠨ ᠲᠠᠯᠠᠪᠠᠢ ᠶᠢᠨ ᠵᠢᠯᠤᠭᠤᠳᠤᠭᠴᠢ ᠶᠢᠨ ᠵᠢᠯᠤᠭᠤᠳᠤᠯᠭ᠎ᠠ ᠳᠣᠣᠷ᠎ᠠ᠂ ᠳᠠᠷᠠᠭᠠᠴᠢ ᠶᠢᠨ ᠲᠤᠬᠠᠢ ᠶᠢᠨ ᠲᠠᠯᠠᠪᠠᠢ ᠳᠤ ᠢᠷᠡᠭᠰᠡᠨ ᠲᠤᠰᠠᠯᠠᠬᠤ | ᠴᠠᠭᠳᠠᠭ᠎ᠠ ᠶᠢᠨ ᠬᠦᠴᠦᠨ ᠲᠠᠢ ᠠᠵᠢᠯ ᠢᠶᠠᠨ ᠲᠣᠳᠣᠷᠬᠠᠢ ᠬᠤᠪᠢᠶᠠᠷᠢᠯᠠᠨ ᠨᠡᠶᠢᠯᠡᠭᠦᠯᠦᠨ ᠪᠠᠶᠢᠯᠳᠤᠵᠤ᠂ ᠡᠮᠬᠢ ᠵᠢᠷᠤᠮ ᠲᠠᠢ ᠰᠢᠢᠳᠪᠦᠷᠢᠯᠡᠨ᠂ ᠪᠠᠶᠢᠯᠳᠤᠬᠤ ᠠᠷᠭ᠎ᠠ ᠶᠢ | ᠵᠣᠬᠢᠰᠲᠠᠢ ᠬᠡᠷᠡᠭᠯᠡᠨ ︽ᠰᠡᠵᠢᠭᠳᠡᠨ︾ ᠢ ᠨᠣᠮᠣᠬᠠᠳᠬᠠᠵᠤ᠂ ᠲᠤᠬᠠᠢ ᠶᠢᠨ ᠲᠠᠯᠠᠪᠠᠢ ᠶᠢᠨ ᠪᠠᠶᠢᠳᠠᠯ ᠢ ᠡᠵᠡᠮᠳᠡᠨ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ᠂ | ᠤᠯᠠᠨ ᠲᠦᠮᠡᠨ ᠢ ᠵᠢᠭᠠᠨ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠳᠦᠯᠦᠨ ᠵᠢᠯᠣᠭᠤᠳᠬᠤ ᠵᠡᠷᠭᠡ ᠤᠯᠠᠨ ᠵᠦᠢᠯ ᠤᠨ ᠠᠵᠢᠯ ᠢ ᠵᠡᠷᠭᠡᠪᠡᠷ | ᠶᠠᠪᠤᠭᠳᠠᠭᠤᠯᠵᠤ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | | |