ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ︽ᠣᠯᠠᠨ ᠲᠦᠮᠡᠨ ᠪᠠᠶᠠᠷ ᠤᠨ ᠡᠳᠦᠷ ᠥᠩᠭᠡᠷᠡᠭᠡᠬᠦ᠂ | ᠴᠠᠭᠳᠠᠭ᠎ᠠ ᠬᠠᠷᠠᠭᠤᠯ ᠵᠣᠭᠰᠣᠬᠤ︾ ᠰᠢᠯᠢᠳᠡᠭ ᠤᠯᠠᠮᠵᠢᠯᠠᠯ ᠢᠶᠠᠨ ᠭᠦᠢᠴᠡᠳ ᠪᠠᠳᠠᠷᠠᠭᠤᠯᠵᠤ᠂ ᠴᠠᠭᠠᠨ ᠰᠠᠷ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠮᠤᠷ ᠲᠦᠪᠰᠢᠨ ᠤ ᠬᠠᠮᠠᠭᠠᠯᠠᠯᠲᠠ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠠᠮ ᠬᠠᠷᠢᠯᠴᠠᠭᠠᠨ ᠤ ᠪᠠᠲᠤᠯᠠᠭ᠎ᠠ᠂ | ᠨᠡᠶᠢᠭᠡᠮ ᠤᠨ ᠵᠥᠷᠢᠴᠡᠯ ᠢ ᠨᠠᠮᠳᠠᠭᠤᠯᠬᠤ᠂ ᠫᠤᠤᠵᠢᠩ ᠲᠠᠯᠪᠢᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠶᠢᠨ | ᠰᠡᠷᠭᠡᠶᠢᠯᠡᠯᠲᠡ ᠡᠵᠡᠮᠳᠡᠯ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠣᠯᠠᠨ ᠤ ᠴᠠᠭᠠᠨ ᠰᠠᠷ᠎ᠠ ᠪᠠᠨ ᠪᠠᠶᠠᠷ ᠬᠥᠷ ᠲᠠᠢ | ᠥᠩᠭᠡᠷᠡᠭᠦᠯᠬᠦ ᠳᠤ ᠠᠮᠤᠷ ᠠᠮᠤᠭᠤᠯᠠᠩ ᠥᠯᠵᠡᠶ ᠪᠡᠯᠭᠡ ᠲᠠᠢ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠠ᠃ | | | | 2 ᠳ᠋ᠤᠭᠠᠷ ᠰᠠᠷ᠎ᠠ ᠶᠢᠨ 17 ᠤ ᠡᠳᠦᠷ ᠤᠨ 16 ᠴᠠᠭ ᠪᠣᠯᠲᠠᠯ᠎ᠠ᠂ ᠪᠥᠬᠦ ᠣᠷᠣᠨ ᠳᠤ ᠬᠦᠴᠦᠨ ᠪᠥᠬᠦᠶ ᠬᠡᠷᠡᠭ ᠤᠨ ᠮᠡᠳᠡᠭᠦᠯᠦᠯᠲᠡ ᠶᠢ ᠨᠡᠶᠢᠲᠡ 34345 | ᠭᠥᠯᠢᠶᠡᠨ ᠠᠪᠴᠤ᠂ ᠲᠦᠷᠦᠭᠦᠤ ᠰᠠᠷ᠎ᠠ ᠶᠢᠨ ᠬᠢ ᠠᠴᠠ ᠪᠠᠨ 36.76% ᠪᠠᠷ ᠪᠠᠭᠤᠷᠠᠪᠠ᠂ ᠡᠭᠦᠨ ᠳᠤ ᠡᠷᠡᠭᠦᠤ ᠶᠢᠨ ᠬᠡᠷᠡᠭ 204 ᠡᠭᠦᠰᠴᠦ᠂ ᠲᠦᠷᠦᠭᠦᠤ | ᠰᠠᠷ᠎ᠠ ᠶᠢᠨ ᠬᠢ ᠠᠴᠠ ᠪᠠᠨ 77.46% ᠪᠠᠷ ᠪᠠᠭᠤᠷᠠᠪᠠ︔ ᠠᠮᠤᠷ ᠢ ᠬᠠᠮᠠᠭᠠᠯᠠᠬᠤ ᠬᠡᠷᠡᠭ 3120 ᠡᠭᠦᠰᠴᠦ᠂ ᠲᠦᠷᠦᠭᠦᠤ ᠰᠠᠷ᠎ᠠ ᠶᠢᠨ ᠬᠢ ᠠᠴᠠ 39.39% ᠪᠠᠷ | ᠪᠠᠭᠤᠷᠠᠪᠠ᠃ 11 ᠲᠠᠯᠠᠪᠤᠷ ᠲᠣᠮᠣ ᠬᠡᠯᠪᠡᠷᠢ ᠶᠢᠨ ᠫᠤᠤᠵᠢᠩ ᠲᠠᠯᠪᠢᠬᠤ ᠠᠵᠢᠯᠯᠠᠭ᠎ᠠ᠂ 2 ᠲᠠᠯᠠᠪᠤᠷ ᠲᠦᠮᠡᠨ ᠬᠥᠮᠦᠨ ᠠᠴᠠ ᠳᠡᠭᠡᠭᠰᠢᠬᠢ ᠲᠣᠮᠣ ᠬᠡᠯᠪᠡᠷᠢ ᠶᠢᠨ | ᠳᠠᠭᠠᠳᠬᠠᠬᠤ ᠠᠵᠢᠯᠯᠠᠭ᠎ᠠ ᠠᠮᠤᠷ ᠲᠦᠪᠰᠢᠨ ᠤᠷᠤᠭᠰᠢᠲᠠᠶ ᠶᠠᠪᠤᠭᠳᠠᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠡᠮᠬᠢ ᠳᠢᠭᠯᠢᠮ ᠲᠠᠢ ᠪᠠᠶᠢᠵᠤ᠂ | ᠵᠠᠮ ᠬᠠᠷᠢᠯᠴᠠᠭ᠎ᠠ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠲᠤᠰᠬᠠᠢ ᠰᠡᠳᠦᠪᠲᠦ ᠬᠤᠷᠠᠯ᠂ ᠸᠢᠳᠢᠣ᠋ ᠬᠤᠷᠠᠯ ᠬᠤᠷᠠᠯᠳᠤᠭᠤᠯᠵᠤ ᠡᠯ᠎ᠡ ᠵᠦᠢᠯ ᠤᠨ | ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠠᠵᠢᠯ ᠢ ᠲᠤᠬᠠᠶ ᠶᠢᠨ ᠭᠠᠵᠠᠷ ᠲᠤ ᠨᠢ ᠰᠢᠪᠠᠳᠠᠨ ᠵᠢᠯᠣᠭᠤᠳᠴᠤ ᠪᠠᠶᠢᠴᠠᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ | ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ ᠢ ᠲᠣᠬᠤᠨᠢᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠳᠤ ᠴᠢᠭᠯᠡᠭᠦᠯᠦᠨ ᠸᠢᠳᠢᠣ᠋ ᠪᠠᠷ ᠵᠢᠯᠣᠭᠤᠳᠤᠨ | ᠲᠣᠬᠢᠷᠠᠭᠤᠯᠤᠯᠲᠠ ᠬᠢᠪᠡ᠃ ᠲᠢᠩᠬᠢᠮ ᠤᠨ ᠤᠳᠤᠷᠢᠳᠤᠯᠭ᠎ᠠ ᠪᠦᠬᠦ ᠶᠠᠪᠤᠴᠠ ᠳᠤ ᠵᠢᠵᠢᠭᠦᠷᠯᠡᠨ ᠰᠠᠬᠢᠵᠤ᠂ ᠪᠦᠬᠦ ᠣᠷᠣᠨ ᠤ ᠨᠡᠶᠢᠭᠡᠮ ᠤᠨ ᠪᠠᠶᠢᠳᠠᠯ ᠢ ᠴᠠᠭ ᠲᠤᠬᠠᠢ ᠳᠤ | ᠨᠢ ᠲᠤᠬᠢᠷᠠᠭᠤᠯᠤᠨ ᠡᠵᠡᠮᠰᠢᠬᠦ ᠶᠢᠨ ᠬᠠᠮᠲᠤ ᠭᠡᠨᠡᠳᠲᠡ ᠶᠢᠨ ᠬᠡᠷᠡᠭ ᠢ ᠵᠢᠯᠣᠭᠤᠳᠤᠨ ᠰᠢᠢᠳᠪᠦᠷᠢᠯᠡᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠵᠢᠯᠤᠭᠤᠳᠤᠯᠭ᠎ᠠ ᠬᠢᠵᠦ᠂ ᠥᠷᠭᠡᠨ ᠤᠯᠠᠨ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ | ᠨᠡᠮᠡᠷᠢ ᠦᠵᠡᠭᠦᠯᠵᠦ᠂ ᠠᠮᠤᠷ ᠲᠣᠭᠲᠠᠭᠤᠨ ᠢ ᠬᠠᠮᠠᠭᠠᠯᠠᠬᠤ ᠡᠮᠦᠨ᠎ᠡ ᠹᠷᠣᠨᠲ ᠲᠤ ᠦᠷᠭᠦᠯᠵᠢᠯᠡᠨ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠪᠠ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠷᠢᠳᠴᠢᠯᠠᠨ ᠲᠥᠯᠥᠪᠵᠢᠭᠦᠯᠵᠦ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ 2 ᠳ᠋ᠤᠭᠠᠷ ᠰᠠᠷ᠎ᠠ ᠶᠢᠨ 7 ᠠᠴᠠ 8 ᠤ ᠡᠳᠦᠷ ᠪᠣᠯᠲᠠᠯ᠎ᠠ ᠨᠡᠶᠢᠭᠡᠮ ᠤᠨ | ᠲᠠᠯ᠎ᠠ ᠶᠢᠨ ᠲᠥᠪᠯᠡᠷᠡᠭᠦᠯᠦᠨ ᠨᠢᠭᠡᠳᠦᠯᠲᠡᠶ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ 2 ᠳ᠋ᠤᠭᠠᠷ ᠰᠠᠷ᠎ᠠ ᠶᠢᠨ 9 ᠠᠴᠠ 12 ᠤᠨ ᠡᠳᠦᠷ ᠪᠣᠯᠲᠠᠯ᠎ᠠ ᠪᠥᠬᠦ | ᠣᠷᠣᠨ ᠳᠤ ᠳᠡᠭᠡᠳᠦ ᠲᠠᠰ ᠤᠨ ᠦᠢᠯᠡᠴᠢᠯᠡᠭᠡᠨ ᠤ ᠠᠵᠢᠯ ᠢ ᠡᠬᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ | ᠦᠢᠯᠡᠴᠢᠯᠡᠭᠡᠨ ᠤ ᠲᠣᠭᠤᠷᠢᠨ ᠴᠠᠭᠳᠠᠬᠤ ᠪᠠ ︽1᠂ 3᠂ 5 ᠮᠢᠨᠦ᠋ᠲ︾ ᠤᠨ ᠲᠦᠷᠭᠡᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠪᠦᠷᠢ | ᠳᠤᠮᠳᠠᠴᠢ ᠪᠠᠷ 1.5 ᠲᠦᠮᠡᠨ ᠬᠥᠮᠦᠨ ᠤᠳᠠᠭ᠎ᠠ᠂ 6000 ᠭᠠᠷᠤᠶ ᠴᠠᠭᠳᠠᠭᠠᠨ ᠤ ᠲᠡᠷᠭᠡ ᠬᠦᠳᠡᠯᠭᠡᠵᠦ᠂ ᠠᠭᠤᠳᠠᠮ ᠲᠠᠯᠠᠪᠠᠶ᠂ ᠡᠮᠨᠡᠯᠭᠡ ᠶᠢᠨ ᠬᠤᠷᠢᠶ᠎ᠠ᠂ ᠬᠥᠭᠵᠢᠶᠡᠨ | ᠨᠠᠷᠭᠢᠶᠠᠨ ᠲᠠᠢ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠲᠤ ᠪᠦᠬᠦᠯᠢ ᠡᠳᠦᠷ ᠤᠨ ᠲᠠᠰᠤᠷᠠᠯᠲᠠ ᠥᠬᠡᠶ ᠵᠡᠪᠰᠡᠭᠲᠦ ᠬᠦᠴᠦᠨ ᠤ ᠲᠣᠭᠤᠷᠢᠨ ᠴᠠᠭᠳᠠᠬᠤ | ᠠᠵᠢᠯᠯᠠᠭ᠎ᠠ ᠥᠷᠨᠢᠭᠦᠯᠪᠡ᠃ ᠵᠤᠭᠠᠴᠠᠯ ᠤᠨ ᠦᠵᠡᠮᠵᠢ ᠶᠢᠨ ᠣᠷᠣᠨ᠂ ᠲᠤᠮᠤ ᠬᠡᠯᠪᠡᠷᠢ ᠶᠢᠨ ᠠᠵᠢᠯᠯᠠᠭ᠎ᠠ ᠵᠡᠷᠭᠡ ᠬᠥᠮᠦᠨ ᠤᠯᠠᠨ ᠴᠤᠭᠯᠠᠷᠠᠳᠠᠭ ᠲᠠᠯᠠᠪᠤᠷ ᠤᠨ ᠠᠮᠤᠷ | ᠲᠦᠪᠰᠢᠨ ᠤ ᠬᠠᠮᠢᠶᠠᠷᠤᠯᠲᠠ ᠡᠵᠡᠮᠳᠡᠯ ᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠢ ᠠᠷᠭᠠᠴᠠᠬᠤ ᠪᠠ | ᠭᠤᠣᠯᠳᠠᠯᠭ᠎ᠠ ᠲᠠᠢ ᠵᠠᠮ ᠤᠨ ᠬᠡᠰᠡᠭ᠂ ᠴᠠᠭ ᠤᠨ ᠲᠡᠷᠭᠡ ᠬᠥᠰᠬᠡ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠴᠠᠭᠳᠠᠭᠠᠨ ᠤ ᠬᠦᠴᠦᠨ ᠢ ᠨᠡᠶᠢᠳᠡ 58561 ᠬᠥᠮᠦᠨ ᠤᠳᠠᠭ᠎ᠠ᠂ ᠴᠠᠭᠳᠠᠭᠠᠨ ᠤ ᠲᠡᠷᠭᠡ ᠶᠢ 11963 ᠤᠳᠠᠭ᠎ᠠ ᠬᠥᠳᠡᠯᠭᠡᠵᠦ᠂ ᠵᠠᠮ | ᠬᠠᠷᠢᠯᠴᠠᠭᠠᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠦᠷᠳᠡᠭᠡ ᠶᠢ 77 ᠪᠠᠶᠢᠷᠢᠯᠠᠭᠤᠯᠵᠤ᠂ ᠲᠦᠷ ᠴᠠᠭ ᠤᠨ ᠵᠢᠵᠢᠭᠦᠷᠯᠡᠬᠦ ᠭᠠᠵᠠᠷ ᠢ 290 ᠭᠠᠷᠭᠠᠵᠤ᠂ ᠤᠯᠠᠨ | ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ | 2 ᠳ᠋ᠤᠭᠠᠷ ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠬᠥᠯᠥᠨ ᠪᠤᠶᠢᠷ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠠᠮᠤᠷ ᠢ ᠬᠠᠮᠠᠭᠠᠯᠠᠵᠤ | ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠠᠨ ᠤᠳᠠᠭ᠎ᠠ ᠰᠤᠳᠤᠯᠤᠨ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠠᠨᠠᠭᠠᠰᠢᠷᠠᠨ ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ | ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠯ ᠤᠨ ᠰᠡᠳᠬᠢᠬᠦᠶ ᠶᠢ ᠪᠠᠷᠢᠮᠲᠠᠯᠠᠨ᠂ ︽ᠨᠠᠷᠢᠯᠢᠭ ᠠᠴᠠ ᠨᠠᠷᠢᠯᠢᠭ︾ ᠠᠵᠢᠯ ᠤᠨ ᠰᠤᠷᠲᠠᠯ ᠢᠶᠠᠷ ᠡᠯ᠎ᠡ ᠵᠦᠢᠯ ᠤᠨ | ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ | ᠬᠦᠴᠦᠨ ᠢᠶᠠᠷ ᠢᠶᠠᠨ ᠪᠠᠳᠤᠯᠠᠪᠠ᠃ | | | | ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 24 ᠴᠠᠭ ᠢᠶᠠᠷ ᠵᠢᠵᠢᠭᠦᠷᠯᠡᠵᠦ ᠠᠵᠢᠯ ᠳᠤ | ᠪᠡᠯᠡᠳᠬᠡᠬᠦ᠂ ᠤᠳᠤᠷᠢᠳᠤᠯᠭ᠎ᠠ ᠬᠤᠶᠠᠷ ᠲᠠᠯ᠎ᠠ ᠪᠠᠷ ᠢᠶᠠᠨ ᠡᠭᠡᠯᠵᠢ ᠳᠠᠭᠠᠭᠤᠯᠬᠤ᠂ ᠴᠢᠬᠤᠯᠠ ᠶᠡᠭᠡ ᠪᠠᠶᠢᠳᠠᠯ ᠤᠨ ᠲᠤᠬᠠᠶ ᠵᠢᠭᠠᠪᠤᠷᠢ ᠠᠪᠴᠤ ᠮᠡᠳᠡᠭᠦᠯᠬᠦ ᠵᠡᠷᠭᠡ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ | ᠲᠣᠭᠲᠠᠭᠠᠯ ᠠᠴᠠ ᠵᠥᠷᠢᠴᠡᠨ ᠳᠠᠶᠢᠯᠠᠯᠭ᠎ᠠ ᠬᠢᠵᠦ ᠠᠷᠢᠬᠢ ᠤᠤᠭᠤᠬᠤ ᠶᠢ ᠴᠢᠩᠭ᠎ᠠ ᠴᠠᠭᠠᠵᠠᠯᠠᠬᠤ ︽ᠵᠢᠷᠭᠤᠭᠠᠨ ᠵᠦᠢᠯ ᠤᠨ ᠲᠣᠭᠲᠠᠭᠠᠯ︾ ᠵᠡᠷᠭᠡ ᠲᠡᠮᠦᠷ ᠮᠡᠲᠦ | ᠴᠠᠭᠠᠵᠠ ᠵᠠᠷᠯᠢᠭ ᠢ ᠴᠢᠩᠭ᠎ᠠ ᠬᠡᠷᠡᠭᠵᠢᠭᠦᠯᠵᠦ᠂ ᠴᠠᠭᠳᠠᠭ᠎ᠠ ᠶᠢ ᠬᠠᠯᠠᠮᠵᠢᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠢᠯᠡᠴᠢᠯᠡᠭᠡᠨ ᠤ ᠠᠵᠢᠯ ᠪᠠ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠡᠩᠨᠡᠭᠡᠨ ᠤ ᠢᠮᠠᠭᠲᠠ ᠥᠷᠨᠢᠭᠦᠨ ᠪᠠᠳᠠᠷᠠᠩᠭᠤᠶ ᠤᠳᠠᠭᠠᠨ ᠳᠠᠭᠠᠭᠠᠮᠠᠭᠠᠶ ᠲᠠᠶᠢᠴᠢᠨ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ |