1 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 2023 ᠣᠨ ᠤ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠠᠵᠢᠯ ᠤᠨ ᠮᠡᠳᠡᠭᠦᠯᠦᠯᠲᠡ ᠵᠢᠴᠢ ᠭᠤᠤᠯ ᠬᠠᠷᠢᠭᠤᠴᠠᠯᠭᠠᠲᠠᠨ ᠤ ᠬᠠᠤᠯᠢ ᠶᠢᠨ ᠮᠡᠳᠡᠭᠦᠯᠦᠯᠲᠡ ᠶᠢ ᠦᠨᠡᠯᠡᠬᠦ ᠬᠤᠷᠠᠯ ᠢ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ | ᠵᠧᠩ ᠭᠤᠸᠠᠩ ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ | | | | ᠬᠤᠷᠠᠯ ᠳᠡᠭᠡᠷ᠎ᠡ᠂ ᠬᠡᠰᠡᠭ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠲᠣᠰ ᠲᠣᠰ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠲᠢᠩᠬᠢᠮ ᠤᠨ ᠨᠠᠮ ᠤᠨ ᠬᠤᠷᠢᠶ᠎ᠠ ᠶᠢᠨ | ᠭᠡᠰᠢᠭᠦᠨ ᠠᠴᠠ ᠲᠤᠰᠢᠶᠠᠯ ᠤᠨ ᠮᠡᠳᠡᠭᠦᠯᠦᠯᠲᠡ ᠬᠢᠭᠰᠡᠨ ᠨᠢᠭᠡᠴᠢ ᠳᠤ ᠦᠨᠡᠯᠡᠯᠲᠡ ᠬᠢᠪᠠ᠃ ᠦᠨᠡᠯᠡᠯᠲᠡ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠳᠬᠤᠬᠤ ᠠᠷᠭ᠎ᠠ ᠬᠡᠮᠵᠢᠶ᠎ᠡ ᠠᠯᠬᠤᠮ ᠠᠯᠬᠤᠮ ᠢᠶᠠᠷ | ᠪᠠᠶᠠᠯᠢᠭᠵᠢᠵᠤ᠂ ︽ᠨᠠᠮ ᠤᠨ ᠪᠠᠶᠢᠭᠤᠯᠤᠯᠲᠠ ᠪᠠᠷ ᠡᠩᠨᠡᠭᠡ ᠶᠢᠨ ᠪᠠᠶᠢᠭᠤᠯᠤᠯᠲᠠ ᠶᠢ ᠬᠥᠲᠥᠯᠬᠦ︾ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠤᠯᠠᠮ ᠨᠢᠭᠡ | ᠠᠯᠬᠤᠮ ᠴᠢᠩᠭᠠᠷᠠᠵᠤ᠂ ᠨᠠᠮ ᠤᠨ ᠪᠠᠶᠢᠭᠤᠯᠤᠯᠲᠠ ᠪᠣᠯᠤᠨ ᠬᠠᠤᠯᠢ ᠪᠠᠷ ᠵᠠᠰᠠᠬᠤ ᠠᠵᠢᠯ ᠢᠯᠡᠳᠲᠡ ᠳᠠᠪᠰᠢᠯᠲᠠ ᠲᠠᠢ ᠪᠣᠯᠵᠠᠶ ᠭᠡᠵᠦ ᠵᠢᠭᠠᠵᠤ ᠭᠠᠷᠭᠠᠪᠠ᠃ ᠡᠭᠦᠨ ᠤ | ᠬᠠᠮᠲᠤ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠭᠤᠳ ᠵᠢᠭᠠᠨ ᠭᠠᠷᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠠᠷᠭ᠎ᠠ ᠪᠠᠷᠢᠯ ᠢᠶᠠᠨ ᠤᠯᠠᠮ ᠴᠢᠨᠠᠭᠰᠢᠳᠠ ᠬᠠᠯᠠᠨ ᠰᠠᠶᠢᠵᠢᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠲᠤᠬᠠᠶᠢᠯᠠᠭᠰᠠᠨ ᠠᠵᠢᠯ ᠪᠣᠯᠤᠨ ᠡᠩᠨᠡᠭᠡᠨ ᠤ ᠪᠠᠶᠢᠭᠤᠯᠤᠯᠲᠠ ᠶᠢᠨ ᠪᠦᠬᠦ | ᠲᠠᠯ᠎ᠠ ᠶᠢᠨ ᠬᠥᠭᠵᠢᠯᠲᠡ᠂ ᠪᠦᠬᠦ ᠲᠠᠯ᠎ᠠ ᠶᠢᠨ ᠲᠠᠪᠰᠢᠯᠳᠠ ᠶᠢ ᠳᠠᠶᠢᠴᠢᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ | ᠴᠢᠩᠭᠠᠳᠬᠠᠬᠤ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠳᠤ ᠪᠠᠨ ᠬᠠᠮᠢᠶᠠᠷᠤᠯᠲᠠ ᠶᠢ ᠴᠢᠩᠭᠠᠳᠬᠠᠬᠤ᠂ ᠭᠠᠳᠠᠨ᠎ᠠ ᠪᠠᠨ ᠲᠦᠷᠢ ᠲᠥᠷᠬᠦ ᠶᠢ | ᠪᠤᠢ ᠪᠣᠯᠭᠠᠬᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠰᠢᠨ᠎ᠡ ᠪᠠᠶᠢᠳᠠᠯ | ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠬᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ | ᠭᠠᠷᠳᠠᠴᠠ ᠪᠣᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠪᠠᠲᠤᠯᠠᠬᠤ | ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠪᠠᠳᠠᠷᠠᠭᠤᠯᠬᠤ ᠴᠢᠬᠤᠯᠠ ᠭᠠᠷᠳᠠᠴᠠ ᠮᠥᠨ᠂ ᠨᠠᠮ ᠤᠨ ᠭᠡᠰᠢᠭᠦᠨ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ ᠭᠡᠳᠡᠭ ᠢ ᠭᠦᠢᠴᠡᠳ ᠲᠠᠨᠢᠬᠤ | ᠬᠡᠷᠡᠭᠲᠡᠶ᠃ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠪᠣᠯ ᠪᠦᠬᠦ᠋ᠢᠯᠡ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠭᠤᠷᠢ ᠢᠨᠵᠧᠨᠧᠷᠢᠩ | ᠮᠥᠨ᠂ ᠡᠷᠬᠡᠪᠰᠢ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ | ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠬᠤ ᠬᠡᠷᠡᠭᠲᠡᠶ ᠵᠢᠭᠠᠵᠤ ᠭᠠᠷᠭᠠᠪᠠ᠃ | ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ | ᠤᠮᠠᠷᠠᠲᠤ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠳᠤᠨ ᠳᠡᠰ ᠤᠨ ᠬᠢ ᠲᠠᠢ ᠠᠳᠠᠯᠢᠳᠬᠠᠬᠤ᠂ ᠪᠠᠲᠤ ᠪᠠᠬᠢ | ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ︽ᠠᠳᠬᠤᠬᠤ ᠴᠢᠩᠭᠠᠳᠬᠠᠬᠤ ᠴᠡᠭᠴᠡᠯᠡᠬᠦ ᠪᠣᠢ | ᠪᠣᠯᠭᠠᠬᠤ︾ ᠲᠤᠰᠬᠠᠢ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠪᠠᠷ ᠲᠡᠰ | ᠳᠡᠪᠰᠢᠬᠦ ᠶᠢ ᠠᠬᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ᠂ ᠪᠠᠭ ᠤᠨ ᠪᠠᠶᠢᠭᠤᠯᠤᠯᠲᠠ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ᠨᠠᠮ ᠤᠨ | ᠪᠠᠶᠢᠭᠤᠯᠤᠯᠲᠠ ᠶᠢᠨ ᠠᠵᠢᠯ ᠤᠨ ᠳᠤᠮᠳᠠᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ᠂ ᠡᠭᠦᠷᠭᠡ ᠪᠠ ᠳᠦᠷᠢᠮ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠶᠢᠨ ᠰᠠᠶᠢᠬᠠᠨ ᠲᠦᠷᠢ ᠲᠥᠷᠬᠦ ᠶᠢ ᠪᠦᠬᠦ ᠲᠠᠯ᠎ᠠ ᠪᠠᠷ ᠪᠤᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | | | | ᠬᠤᠷᠠᠯ ᠠᠴᠠ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ︾ ᠶᠢᠨ | ᠪᠠᠶᠢᠭᠤᠯᠤᠯᠲᠠ ᠶᠢ ᠬᠦᠴᠦᠯᠡᠨ ᠥᠷᠨᠢᠭᠦᠯᠵᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠵᠣᠷᠢᠯᠲᠠ ᠶᠢᠨ ᠤᠬᠠᠮᠰᠠᠷ ᠢ ᠪᠤᠢ ᠪᠣᠯᠭᠠᠵᠤ᠂ ᠲᠤᠰᠬᠠᠶᠢᠵᠢᠭᠰᠠᠨ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠩᠨᠡᠭᠡ ᠶᠢ ᠬᠥᠮᠦᠵᠢᠭᠦᠯᠵᠦ᠂ ︽ᠪᠦᠬᠦ ᠶᠠᠪᠤᠴᠠ︾ ᠶᠢᠨ ᠬᠠᠮᠢᠶᠠᠷᠤᠯᠲᠠ ᠬᠢᠨᠠᠯᠲᠠ ᠶᠢ ᠲᠡᠭᠦᠯᠳᠡᠷᠵᠢᠭᠦᠯᠵᠦ᠂ | ᠪᠣᠯᠪᠠᠰᠤᠨ ᠢᠶᠠᠷ ᠬᠡᠷᠡᠭ ᠤᠨ ᠮᠡᠳᠡᠭᠦᠯᠦᠯᠲᠡ ᠶᠢ ᠬᠦᠯᠢᠶᠡᠨ ᠠᠪᠬᠤ᠂ ᠳᠦᠷᠢᠮᠵᠢᠯ ᠲᠠᠢ ᠪᠠᠷ ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠬᠦ᠂ ᠬᠠᠤᠯᠢ ᠶᠣᠰᠣᠭᠠᠷ | ᠬᠡᠷᠡᠭ ᠰᠢᠢᠳᠪᠦᠷᠢᠯᠡᠬᠦ ᠶᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠶᠢᠨ ᠠᠵᠢᠯᠯᠠᠭᠠᠨ ᠤ ᠤᠬᠠᠮᠰᠠᠷ ᠪᠣᠯᠭᠠᠬᠤ ᠬᠡᠷᠡᠭᠲᠡᠢ᠃ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠲᠤᠰᠬᠠᠶ ᠲᠤᠰᠢᠶᠠᠯᠲᠤ ᠰᠠᠯᠠᠭ᠎ᠠ ᠮᠥᠴᠢᠷ ᠤᠨ ᠬᠢᠨ ︽ᠨᠢᠭᠡᠳᠦᠭᠡᠷ | ᠭᠠᠷ︾ ᠤᠨ ᠨᠢᠭᠡᠳᠦᠭᠡᠷ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠶᠤᠯ | ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠰᠠᠬᠢᠬᠤ︾ ᠳᠡᠭᠡᠷ᠎ᠡ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠰᠠᠭᠤᠷᠢ ᠲᠠᠯᠪᠢᠵᠤ ᠠᠯᠤᠰ ᠢ ᠪᠠᠷᠠᠯᠠᠬᠤ︾ | ᠳᠡᠭᠡᠷ᠎ᠡ ᠬᠦᠴᠦ ᠲᠠᠯᠪᠢᠵᠤ᠂ ︽ᠦᠢᠯᠡᠴᠢᠯᠡᠭᠡ ᠶᠢ ᠴᠢᠬᠤᠯᠠᠴᠢᠯᠠᠵᠤ ᠪᠠᠲᠤᠯᠠᠭ᠎ᠠ ᠶᠢ ᠴᠢᠩᠭᠠᠳᠬᠠᠬᠤ︾ ᠳᠡᠭᠡᠷ᠎ᠡ ᠬᠦᠴᠦ ᠣᠷᠣᠭᠤᠯᠵᠤ᠂ ︽ᠳᠤᠲᠠᠭᠤᠳᠠᠯ ᠢ | ᠨᠥᠬᠦᠪᠥᠷᠢᠯᠡᠬᠦ ᠪᠠᠭᠤᠷᠠᠢ ᠶᠢ ᠰᠠᠶᠢᠵᠢᠷᠠᠭᠤᠯᠬᠤ︾ ᠳᠡᠭᠡᠷ᠎ᠡ ᠠᠷᠭ᠎ᠠ ᠰᠦᠪᠡᠭᠴᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ | ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ | ᠡᠷᠭᠢᠯᠡᠪᠡ᠃ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ᠂ | ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ᠂ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ | ᠳᠢᠩᠬᠢᠮ ᠤᠨ ᠳᠡᠳ᠋ ᠳᠠᠷᠤᠭ᠎ᠠ ᠸᠠᠩ ᠶᠠ ᠰᠢᠨ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ᠂ ᠭᠤᠤᠯ ᠬᠠᠷᠢᠭᠤᠴᠠᠯᠭᠠᠲᠠᠨ ᠨᠥᠬᠦᠳ ᠵᠢᠴᠢ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠨᠢ ᠸᠢᠳᠢᠤ᠋ ᠪᠠᠷ ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠦᠷᠲᠡᠯ᠎ᠡ ᠬᠤᠷᠠᠯᠳᠤᠭᠤᠯᠪᠠ᠃ |