ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/13
      40 ᠡᠳᠦᠷ ᠤᠨ ᠬᠤᠭᠤᠴᠠᠭ᠎ᠠ ᠲᠠᠢ ᠴᠠᠭᠠᠨ ᠰᠠᠷ᠎ᠠ ᠶᠢᠨ ᠵᠥᠭᠡᠭᠡᠪᠦᠷᠢ 3 ᠰᠠᠷ᠎ᠠ ᠶᠢᠨ 5 ᠤ ᠡᠳᠦᠷ ᠳᠠᠭᠤᠰᠪᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠦᠬᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠲᠡᠦᠬᠡ ᠶᠢᠨ ᠰᠢᠨ᠎ᠡ ᠥᠨᠳᠥᠷ ᠢ ᠡᠭᠦᠳᠦᠭᠰᠡᠨ ᠣᠨᠴᠠᠯᠢᠭ ᠲᠤ ᠴᠢᠭᠯᠡᠭᠦᠯᠦᠨ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠴᠠᠭᠳᠠᠭ᠎ᠠ ᠪᠠᠷ ᠲᠠᠶᠢᠴᠢᠯᠠᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠮᠤᠷ ᠢ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠡᠯ᠎ᠡ ᠲᠦᠷᠦᠯ ᠤᠨ ᠲᠤᠪᠤᠶᠢᠮ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠤᠯᠠᠨ ᠤ ᠪᠠᠶᠠᠷ ᠤᠨ ᠡᠳᠦᠷ ᠢ ᠪᠠᠶᠠᠷ ᠬᠦᠷ ᠲᠠᠢ ᠥᠩᠭᠡᠷᠡᠭᠦᠯᠬᠦ᠂ ᠠᠮᠤᠷ ᠲᠦᠪᠰᠢᠨ ᠢᠶᠠᠷ ᠠᠶᠠᠯᠠᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠴᠡᠢ᠃      ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠥᠷᠭᠡᠨ ᠣᠯᠠᠨ ᠠᠷᠠᠳ ᠲᠦᠮᠡᠨ ᠤ ︽ᠲᠥᠷᠥᠯ ᠰᠠᠳᠤᠨ ᠢᠶᠠᠨ ᠡᠷᠭᠢᠵᠦ ᠦᠵᠡᠬᠦ + ᠵᠢᠭᠤᠯᠴᠢᠯᠠᠬᠤ︾ ᠪᠠᠷ ᠶᠠᠪᠤᠵᠤ ᠰᠠᠭᠤᠬᠤ ᠬᠠᠯᠠᠭᠤᠨ ᠰᠡᠳᠬᠢᠯᠭᠡ ᠣᠷᠭᠢᠯᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠥᠪᠡᠷ ᠢᠶᠠᠨ ᠲᠡᠷᠭᠡ ᠪᠠᠷᠢᠵᠤ ᠶᠠᠪᠤᠵᠤ ᠰᠠᠭᠤᠬᠤ  ᠨᠢ ᠣᠯᠠᠰᠢᠷᠠᠵᠤ᠂ ᠡᠯ᠎ᠡ ᠲᠥᠷᠥᠯ ᠤᠨ ᠡᠳ᠋ ᠪᠣᠳᠠᠰ ᠤᠨ ᠲᠡᠭᠡᠭᠡᠪᠦᠷᠢ ᠶᠢᠨ ᠬᠡᠷᠡᠭᠴᠡᠭᠡ ᠶᠡᠭᠡ ᠪᠠᠷ ᠨᠡᠮᠡᠭᠳᠡᠵᠦ᠂ ᠪᠠᠶᠠᠷ ᠤᠨ ᠡᠳᠦᠷ ᠤᠨ ᠡᠮᠦᠨ᠎ᠡ ᠬᠤᠶᠢᠨᠠᠬᠢ ᠮᠠᠭᠤ ᠴᠠᠭ ᠠᠭᠤᠷ ᠳᠠᠪᠬᠤᠴᠠᠨ ᠨᠥᠯᠥᠭᠡᠯᠡᠭᠳᠡᠭᠰᠡᠨ ᠵᠡᠷᠭᠡ ᠪᠠᠶᠢᠳᠠᠯ ᠳᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠬᠦᠴᠢᠷ ᠢ ᠲᠤᠭᠤᠯᠤᠨ ᠵᠣᠪᠠᠭᠤᠷᠢ ᠶᠢ ᠳᠠᠪᠠᠵᠤ᠂  ᠰᠢᠷᠭᠠᠭᠤ ᠲᠡᠮᠡᠴᠡᠨ ᠬᠤᠪᠢ ᠨᠡᠮᠡᠷᠢ ᠦᠵᠡᠭᠦᠯᠵᠦ᠂ ︽ᠬᠥᠮᠦᠨ ᠲᠡᠷᠭᠡ ᠵᠠᠮ ᠠᠵᠤ ᠠᠬᠤᠶᠢᠯᠠᠯ︾ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠤᠯᠳᠠᠯᠭ᠎ᠠ ᠲᠠᠢ ᠲᠡᠷᠭᠡ ᠬᠥᠰᠬᠡ ᠶᠢ ᠴᠢᠩᠭ᠎ᠠ ᠬᠠᠮᠢᠶᠠᠷᠤᠨ᠂ ᠬᠠᠤᠯᠢ ᠠᠴᠠ ᠵᠥᠷᠢᠴᠡᠭᠰᠡᠨ ᠲᠣᠪᠤᠶᠢᠮ᠎ᠠ ᠪᠠᠶᠢᠳᠠᠯ ᠢ ᠴᠢᠩᠭ᠎ᠠ ᠪᠠᠶᠢᠴᠠᠭᠠᠵᠤ᠂ ᠮᠠᠭᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠦᠴᠦᠲᠡᠶ ᠠᠳᠬᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠬᠦᠴᠦᠲᠡᠶ ᠬᠠᠮᠠᠭᠠᠯᠠᠪᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠦᠬᠦ ᠤᠯᠤᠰ ᠲᠤ ᠨᠢᠭᠡ ᠤᠳᠠᠭ᠎ᠠ ᠳᠤ 3 ᠠᠴᠠ ᠳᠡᠭᠡᠭᠰᠢ ᠬᠥᠮᠦᠨ ᠠᠳᠡᠭᠰᠡᠨ ᠨᠡᠯᠢᠶᠡᠳ ᠶᠡᠭᠡ ᠵᠠᠮ ᠬᠠᠷᠢᠯᠴᠠᠭᠠᠨ ᠤ ᠠᠳᠡᠯ ᠠᠳᠠᠯᠢ ᠬᠤᠭᠤᠴᠠᠭᠠᠨ ᠠᠴᠠ 40.9% ᠳᠣᠷᠣᠭᠰᠢᠯᠠᠵᠠᠶ᠃      ᠡᠯ᠎ᠡ ᠱᠠᠲᠤᠨ ᠤ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠢ ᠡᠷᠬᠢᠮᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠤᠨᠢᠨ ᠳᠡᠭᠡᠷ᠎ᠡ ᠨᠢ ᠳᠤᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠯᠲᠤ ᠲᠡᠷᠭᠡᠨ ᠤ ᠠᠶᠠᠯᠠᠯ᠂ ᠠᠶᠠᠨᠴᠢᠳ ᠤᠨ ᠤᠷᠤᠰᠬᠠᠯ ᠤᠨ ᠬᠤᠪᠢᠷᠠᠯᠲᠠ ᠪᠣᠯᠤᠨ ᠴᠠᠭ ᠠᠭᠤᠷ ᠤᠨ ᠪᠠᠶᠢᠳᠠᠯ ᠢ ᠬᠥᠳᠡᠯᠦᠩᠭᠦᠢ ᠪᠠᠷ ᠡᠵᠡᠮᠳᠡᠵᠦ᠂ ᠪᠠᠴᠢᠮ ᠪᠠᠶᠢᠳᠠᠯ ᠢ ᠠᠷᠭᠠᠴᠠᠨ ᠳᠠᠶᠢᠴᠢᠯᠠᠬᠤ᠂ ᠬᠤᠯᠪᠣᠭᠠᠯᠠᠨ ᠦᠢᠯᠡᠴᠢᠯᠡᠬᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠡᠮᠦᠷ ᠵᠠᠮ ᠤᠨ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ 4.84 ᠳ᠋ᠦᠩᠰᠢᠭᠤᠷ ᠬᠥᠮᠦᠨ ᠤᠳᠠᠭ᠎ᠠ ᠶᠢᠨ ᠲᠡᠮᠦᠷ ᠵᠠᠮ ᠤᠨ ᠠᠶᠠᠨᠴᠢᠳ ᠤᠨ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠪᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠭᠤᠷᠪᠠ ᠳᠤ ᠴᠣᠬᠢᠯᠲᠠ ᠥᠭᠴᠦ ᠭᠤᠷᠪᠠ ᠶᠢ ᠰᠡᠷᠭᠡᠶᠢᠯᠡᠬᠦ︾᠂ ︽ᠲᠡᠮᠦᠷ ᠬᠠᠷᠴᠠᠭᠠᠢ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠣ ᠡᠵᠡᠷᠬᠡᠬᠦ᠂ ᠰᠣᠭᠲᠣᠭᠤ ᠪᠠᠷ ᠬᠡᠷᠡᠭ ᠡᠳᠦᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ 140 ᠭᠠᠷᠤᠢ ᠪᠢᠯᠧᠲ ᠲᠤ ᠬᠤᠯᠪᠣᠭᠳᠠᠭᠰᠠᠨ ᠬᠡᠷᠡᠭ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾ 440 ᠭᠠᠷᠤᠢ ᠬᠡᠷᠡᠭ ᠢ ᠢᠯᠡᠷᠡᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ 1.17 ᠲᠦᠮᠡᠨ ᠬᠥᠮᠦᠨ ᠢ ᠪᠠᠶᠢᠴᠠᠭᠠᠨ ᠰᠢᠢᠳᠪᠦᠷᠢᠯᠡᠵᠦ᠂ ᠦᠷᠳᠡᠭᠡ ᠲᠡᠷᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠢ ᠴᠡᠪᠡᠷᠰᠢᠭᠦᠯᠪᠡ᠃ ᠡᠭᠦᠨ ᠤ ᠵᠡᠷᠭᠡ ᠳᠤ᠂ ︽ᠲᠠᠨ ᠲᠠᠢ ᠬᠠᠮᠲᠤ ᠠᠮᠤᠷ ᠲᠦᠪᠰᠢᠨ ᠢᠶᠠᠷ ᠭᠡᠷ ᠲᠤ ᠪᠠᠨ ᠬᠠᠷᠢᠬᠤ︾ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠶᠠᠨᠴᠢᠳ ᠤᠨ ᠪᠠᠴᠢᠮ ᠪᠡᠷᠬᠡ ᠵᠣᠪᠠᠵᠤ ᠬᠦᠰᠡᠵᠦ ᠪᠠᠶᠢᠭ᠎ᠠ ᠵᠢᠵᠢᠭ ᠰᠠᠵᠢᠭ ᠶᠠᠪᠤᠳᠠᠯ ᠢ 3.9 ᠲᠦᠮᠡ ᠭᠠᠷᠤᠶ ᠰᠢᠢᠳᠪᠦᠷᠢᠯᠡᠵᠦ᠂ ᠭᠡᠭᠡᠭᠰᠡᠨ ᠢ‌ᠡᠭᠡᠭᠦᠯᠦᠨ ᠠᠪᠴᠢᠷᠠᠭᠰᠠᠨ ᠡᠳ᠋ ᠪᠣᠳᠠᠰ ᠤᠨ ᠥᠷᠲᠡᠭ ᠨᠢ 4260 ᠭᠠᠷᠤᠶ ᠲᠦᠮᠡᠨ ᠲᠥᠭᠦᠷᠢᠭ ᠲᠤ ᠬᠦᠷᠴᠡᠶ᠃      ᠪᠥᠬᠦ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠳᠠᠯᠠᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠠᠲᠤᠯᠠᠭ᠎ᠠ᠂ ᠨᠢᠰᠬᠡᠯ ᠤᠨ ᠪᠠᠭᠤᠳᠠᠯ ᠤᠨ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠪᠠᠶᠢᠴᠠᠭᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠪᠦᠬᠦ ᠬᠦᠴᠦ ᠪᠠᠷ ᠢᠶᠠᠨ ᠠᠳᠬᠤᠪᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠳᠠᠭᠠᠨ ᠤ ᠬᠦᠴᠦᠨ ᠢ ᠨᠡᠶᠢᠲᠡ 36 ᠲᠦᠮᠡ ᠭᠠᠷᠤᠶ ᠬᠥᠮᠦᠨ ᠤᠳᠠᠭ᠎ᠠ ᠬᠥᠳᠡᠯᠭᠡᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ 68.3 ᠲᠦᠮᠡᠨ ᠡᠭᠡᠯᠵᠢ᠂ ᠠᠶᠠᠨᠴᠢᠳ ᠢ 8345 ᠲᠦᠮᠡᠨ ᠬᠥᠮᠦᠨ ᠤᠳᠠᠭ᠎ᠠ ᠪᠠᠲᠤᠯᠠᠵᠤ᠂ ᠡᠯ᠎ᠡ ᠲᠥᠷᠥᠯ ᠤᠨ ᠬᠡᠷᠡᠭ ᠢ 2670 ᠭᠠᠷᠤᠶ ᠰᠢᠢᠳᠪᠦᠷᠢᠯᠡᠵᠦ᠂ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠰᠡᠵᠢᠭᠳᠡᠨ ᠢ 1180 ᠭᠠᠷᠤᠶ ᠪᠠᠷᠢᠵᠤ᠂ ᠰᠦᠯᠵᠢᠶᠡᠨ ᠳᠡᠭᠡᠷ᠎ᠡ ᠳᠤᠲᠠᠭᠠᠵᠤ ᠪᠠᠶᠢᠭ᠎ᠠ 78 ᠬᠥᠮᠦᠨ ᠢ ᠪᠠᠷᠢᠪᠴᠢᠯᠠᠵᠠᠶ᠃ ᠠᠶᠠᠨᠴᠢᠳ ᠲᠤ ᠦᠢᠯᠡᠴᠢᠯᠡᠬᠦ ᠲᠠᠯ᠎ᠠ ᠪᠠᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠠᠮᠤᠷ ᠲᠦᠪᠰᠢᠨ ᠢᠶᠠᠷ ᠨᠢᠰᠬᠡᠯ ᠳᠤ ᠰᠠᠭᠤᠬᠤ᠂ ᠪᠣᠯᠪᠠᠰᠤᠨ ᠢᠶᠠᠷ ᠶᠠᠪᠤᠵᠤ ᠰᠠᠭᠤᠬᠤ︾ ᠶᠢ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠠᠶᠠᠨᠴᠢᠳ ᠲᠤ ︽ᠠᠮᠤᠷ ᠲᠦᠪᠰᠢᠨ ᠤ ᠪᠠᠶᠢᠴᠠᠭᠠᠯᠲᠠ︾᠂ ᠲᠦᠷ ᠴᠠᠭ ᠤᠨ ᠨᠢᠰᠬᠡᠯ ᠳᠤ ᠰᠠᠭᠤᠭᠰᠠᠨ ᠭᠡᠷᠡᠴᠢ ᠶᠢ ᠭᠦᠢᠴᠡᠳᠬᠡᠬᠦ᠂ ᠭᠡᠭᠡᠭᠰᠡᠨ ᠶᠠᠭᠤᠮ᠎ᠠ ᠶᠢ ᠡᠷᠢᠬᠦ ᠵᠡᠷᠭᠡ ᠦᠢᠯᠡᠴᠢᠯᠡᠭᠡ ᠬᠠᠩᠭᠠᠵᠤ᠂ ᠠᠶᠠᠨᠴᠢᠳ ᠤᠨ ᠠᠮᠤᠷ ᠲᠦᠪᠰᠢᠨ ᠢᠶᠠᠷ ᠳᠥᠭᠦᠮ ᠳᠥᠲᠡ ᠠᠶᠠᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ 
ᠢᠷᠡᠯᠲᠡ᠄ ᠦᠪᠦᠷ ᠮᠤᠩᠭᠤᠯ ᠤᠨ ᠳᠤᠳᠤᠭᠠᠳᠤ ᠶᠢ ᠬᠠᠮᠠᠭᠠᠯᠠᠬᠤ ᠲᠢᠩᠬᠢᠮ
Baidu
map