| ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠴᠠᠭᠳᠠᠭ᠎ᠠ | ᠠᠷᠠᠳ ᠨᠢᠭᠡ ᠬᠡᠷ ᠪᠦᠯᠢ ᠮᠡᠲᠦ ᠳᠣᠲᠣᠨᠣ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠭᠦᠨ ᠵᠤᠵᠠᠭᠠᠨ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠪᠠᠷᠠᠭᠤᠨ | ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠡᠯ᠎ᠡ | ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠲᠣᠰ ᠲᠣᠰ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠬᠠᠷᠢᠶᠠᠲᠤ | ᠣᠷᠣᠨ ᠤ ᠬᠦᠴᠢᠷᠳᠡᠯᠲᠡᠶ ᠣᠯᠠᠨ ᠲᠦᠮᠡᠨ ᠳᠤ ᠲᠣᠬᠤᠨᠢᠭᠤᠯᠬᠤ ᠪᠣᠳᠠᠰ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠡᠪᠦᠯ ᠤᠨ ᠬᠦᠢᠳᠡᠨ ᠳᠤ ᠨᠠᠮ ᠪᠠ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ | | | | ᠲᠣᠬᠤᠨᠢᠭᠤᠯᠬᠤ ᠳᠤᠮᠳᠠ᠂ ᠠᠷᠠᠳ ᠤᠨ ᠴᠠᠭᠳᠠᠭ᠎ᠠ ᠬᠦᠴᠢᠷᠳᠡᠯᠲᠡᠶ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ᠂ ᠠᠮᠢᠳᠤᠷᠠᠯ᠂ | ᠪᠡᠶ᠎ᠡ ᠮᠠᠬᠠᠪᠣᠳ ᠵᠢᠴᠢ ᠦᠵᠡᠯ ᠰᠠᠨᠠᠭᠠᠨ ᠤ ᠬᠥᠳᠡᠯᠦᠯ ᠪᠠᠶᠢᠳᠠᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠳᠣᠲᠣᠭᠠᠳᠤ ᠶᠢ ᠬᠠᠮᠠᠭᠠᠯᠠᠬᠤ | ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠲᠡᠳᠡᠨ ᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ | ᠬᠦᠴᠢᠷᠳᠡᠯ ᠢ ᠭᠦᠨᠵᠡᠭᠡᠶ ᠣᠶᠢᠯᠠᠭᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠪᠡ᠃ ᠡᠭᠦᠨ ᠤ ᠬᠠᠮᠲᠤ᠂ ᠲᠡᠳᠡᠨ ᠢ ᠢᠲᠡᠭᠡᠯ ᠵᠣᠷᠢᠭ ᠢᠶᠠᠨ | ᠬᠥᠪᠴᠢᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠣᠷᠢᠭᠵᠢᠭᠤᠯᠬᠤ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ ᠵᠢᠴᠢ ᠲᠣᠬᠤᠨᠢᠭᠤᠯᠬᠤ ᠪᠣᠳᠠᠰ ᠬᠦᠷᠭᠡᠪᠡ᠃ | | | | | ᠡᠨᠡ ᠣᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠶᠢᠷ᠎ᠠ ᠬᠠᠯᠠᠮᠵᠢ ᠶᠢ ᠶᠠᠳᠠᠭᠤ | ᠬᠦᠴᠢᠷᠳᠡᠯᠲᠡᠶ ᠣᠯᠠᠨ ᠲᠦᠮᠡᠨ ᠳᠤ ᠦᠨᠡᠨ ᠬᠦ ᠮᠡᠳᠡᠷᠡᠭᠦᠯᠵᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠠᠵᠢᠯ ᠤᠨ ᠰᠤᠷᠲᠠᠯ ᠢ ᠭᠦᠢᠴᠡᠳ | ᠢᠯᠡᠷᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃ |