ᠤᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠠᠮᠢ ᠠᠬᠤᠢ ᠤᠷᠴᠢᠨ ᠲᠤᠭᠤᠷᠢᠨ ᠢᠳᠡᠭᠡᠨ ᠡᠮ ᠤᠨ | ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ | ᠬᠠᠮᠢᠶᠠᠷᠤᠯᠳᠠ ᠶᠢᠨ ᠲᠤᠪᠴᠢᠶᠠᠨ ᠤ 4 ᠵᠤᠷᠪᠤᠰ ᠬᠡᠷᠡᠭ ᠤᠨ ᠰᠦᠪᠡᠭᠴᠢ ᠶᠢ ᠲᠤᠰᠴᠠᠢ᠃ ᠳᠠᠷᠠᠭ᠎ᠠ ᠨᠢ᠂ ᠶᠡᠭᠡ ᠠᠩᠭᠢ ᠶᠢᠨ ᠬᠢᠨ ᠲᠡᠷᠡ ᠳᠠᠷᠤᠶ ᠳᠤ ᠨᠢ | ᠰᠦᠪᠡᠭᠴᠢ ᠶᠢ ᠪᠠᠶᠢᠴᠠᠭᠠᠨ ᠭᠡᠷᠡᠴᠢ ᠠᠪᠬᠤ ᠵᠡᠷᠭᠡ ᠠᠵᠢᠯ ᠢ ᠥᠷᠨᠢᠭᠦᠯᠵᠦ᠂ ᠭᠡᠷᠡᠴᠢ ᠪᠠᠷᠢᠮᠲᠠ ᠭᠦᠢᠴᠡᠳ ᠡᠵᠡᠮᠰᠢᠭᠰᠡᠨ ᠤ ᠳᠠᠷᠠᠭ᠎ᠠ᠂ ᠲᠣᠰ ᠬᠡᠷᠡᠭ ᠢ ᠬᠡᠷᠡᠭ | ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠭᠰᠠᠨ ᠪᠥᠭᠡᠳ ᠰᠡᠵᠢᠭᠯᠡᠯᠲᠡᠢ ᠳ᠋ᠦ᠋ ᠣᠪᠣᠭᠲᠤ᠂ ᠵᠢᠶ ᠣᠪᠣᠭᠲᠤ ᠶᠢ ᠬᠠᠤᠯᠢ ᠶᠣᠰᠣᠭᠠᠷ ᠪᠠᠷᠢᠪᠴᠢᠯᠠᠪᠠ᠃ | ᠪᠠᠶᠢᠴᠠᠭᠠᠭᠰᠠᠨ ᠢᠶᠠᠷ᠄ ᠶᠠᠯ᠎ᠠ ᠬᠢᠭᠰᠡᠨ ᠰᠡᠵᠢᠭᠳᠡᠨ ᠳ᠋ᠦ᠋ ᠣᠪᠣᠭᠲᠤ᠂ ᠵᠢᠶ ᠣᠪᠣᠭᠲᠤ ᠶᠢᠨ ᠳᠡᠯᠭᠡᠭᠦᠷ ᠲᠤ ᠪᠠᠨ ᠡᠵᠡᠩᠨᠡᠵᠦ ᠪᠠᠶᠢᠭ᠎ᠠ ᠣᠯᠠᠨ ᠲᠥᠷᠥᠯ ᠤᠨ | ᠪᠦᠲᠦᠭᠡᠭᠳᠡᠬᠦᠨ ᠳᠤ ᠲᠥᠷᠥᠯ ᠤᠨ ᠪᠤᠰᠤ ᠪᠦᠷᠢᠯᠳᠦᠬᠦᠨ ᠠᠭᠤᠯᠤᠭᠳᠠᠵᠤ ᠪᠠᠶᠢᠳᠠᠭ᠂ ᠭᠠᠳᠠᠷ ᠪᠣᠭᠤᠳᠠᠯ᠂ ᠲᠣᠳᠣᠷᠬᠠᠶᠢᠯᠠᠯᠲᠠ ᠶᠢᠨ ᠪᠢᠴᠢᠭ ᠲᠤ ᠬᠡᠳᠦ᠋ᠢᠪᠡᠷ | ᠴᠢᠳᠠᠮᠵᠢ ᠶᠢ ᠭᠤᠣᠯᠯᠠᠨ ᠵᠠᠰᠠᠬᠤ᠂ ᠬᠡᠷᠡᠭᠯᠡᠬᠦ ᠬᠡᠮᠵᠢᠶ᠎ᠡ ᠶᠢ ᠬᠡᠷᠡᠭᠯᠡᠬᠦ ᠠᠷᠭ᠎ᠠ᠂ ᠡᠪᠡᠳᠴᠢᠨ ᠤ ᠪᠠᠶᠢᠳᠠᠯ ᠳᠤ ᠳᠣᠭᠢᠷᠠᠬᠤ ᠵᠡᠷᠭᠡ ᠮᠡᠳᠡᠭᠡ ᠵᠠᠩᠭᠢ ᠶᠢ | ᠲᠣᠳᠣᠷᠬᠠᠶᠢᠯᠠᠭᠰᠠᠨ ᠪᠣᠯᠪᠠᠴᠤ᠂ ᠪᠦᠲᠦᠭᠡᠭᠳᠡᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ᠢ ᠲᠣᠳᠣᠷᠬᠠᠶᠢᠯᠠᠭᠰᠠᠨ ᠦᠭᠡᠶ᠂ ᠡᠩ ᠤᠨ ᠬᠡᠷᠡᠭᠯᠡᠭᠴᠢᠳ ᠢ ᠡᠮ ᠤᠨ | ᠵᠦᠢᠯ ᠭᠡᠵᠦ ᠠᠳᠡᠭᠦᠷᠡᠭᠦᠯᠵᠦ᠂ ︽ᠡᠮ ᠤᠨ ᠵᠦᠢᠯ ᠪᠤᠰᠤ ᠪᠠᠷ ᠡᠮ ᠤᠨ ᠵᠦᠢᠯ ᠢ ᠣᠷᠣᠯᠠᠭᠤᠯᠬᠤ︾ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠵᠦ᠂ | ᠬᠠᠭᠤᠷᠮᠠᠭ ᠡᠮ ᠳᠤ ᠲᠣᠭᠠᠴᠠᠭᠳᠠᠬᠤ ᠪᠥᠭᠡᠳ ᠲᠡᠭᠦᠨ ᠤ ᠡᠵᠡᠩᠨᠡᠵᠦ ᠪᠠᠶᠢᠭ᠎ᠠ ᠳᠡᠯᠭᠡᠭᠦᠷ ᠨᠢ ᠡᠮ ᠤᠨ ᠵᠦᠢᠯ ᠡᠵᠡᠩᠨᠡᠬᠦ ᠵᠥᠪᠰᠢᠶᠡᠷᠡᠯ ᠠᠪᠤᠭᠰᠠᠨ ᠦᠭᠡᠶ ᠪᠠᠶᠢᠪᠠ᠃ | ᠰᠢᠭᠦᠨ ᠠᠰᠠᠭᠤᠬᠤ ᠪᠠᠷ ᠳᠠᠮᠵᠢᠭᠠᠳ᠂ 2 ᠶᠠᠯ᠎ᠠ ᠬᠢᠭᠰᠡᠨ ᠰᠡᠵᠢᠭᠳᠡᠨ ᠬᠤᠣᠷ ᠬᠥᠨᠥᠭᠡᠯ ᠲᠠᠢ ᠢᠳᠡᠭᠡᠨ ᠪᠣᠷᠣᠯᠠᠭᠤᠯᠤᠭᠰᠠᠨ ᠪᠠ ᠬᠠᠭᠤᠷᠮᠠᠭ ᠡᠮ | ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠦ᠂ ᠣᠳᠣᠬᠠᠨ ᠳᠤ ᠨᠢᠭᠡᠨᠲᠡ ᠪᠠᠷᠠᠭᠤᠨ ᠦᠵᠦᠮᠦᠴᠢᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠶᠠᠭ ᠤᠯᠠᠮ | ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | |