4 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠷᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠯᠠᠹᠯᠤᠹ ᠲᠠᠢ ᠠᠭᠤᠯᠵᠠᠪᠠ᠃ | ᠰᠢ ᠶᠢᠨ ᠫᠢᠩ ᠯᠠᠹᠯᠤᠹ ᠢᠶᠠᠷ ᠳᠠᠮᠵᠢᠭᠤᠯᠵᠤ ᠶᠡᠷᠦᠩᠬᠡᠶᠢᠯᠡᠭᠴᠢ ᠫᠦᠲ᠋ᠢᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠡᠨᠡ ᠵᠢᠯ | ᠪᠣᠯ ᠳᠤᠮᠳᠠᠳᠤ ᠤᠷᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ ᠳᠤᠮᠳᠠᠳᠤ ᠤᠷᠤᠰ ᠬᠤᠶᠠᠷ ᠤᠯᠤᠰ ᠭᠠᠷ ᠬᠤᠯᠪᠣᠯᠴᠠᠨ | ᠲᠣᠮᠣ ᠤᠯᠤᠰ᠂ ᠬᠥᠷᠰᠢ ᠤᠯᠤᠰ ᠤᠨ ᠡᠶ᠎ᠡ ᠨᠠᠶᠢᠷᠲᠠᠢ ᠬᠠᠮᠲᠤ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠵᠠᠮ ᠢᠶᠠᠷ ᠵᠠᠮᠨᠠᠵᠤ᠂ | ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠪᠥᠭᠡᠳ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ | ᠲᠥᠯᠥᠭᠡ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠭᠰᠡᠨ ᠶᠤᠮ᠃ ᠪᠢ ᠶᠡᠷᠦᠩᠬᠡᠶᠢᠯᠡᠭᠴᠢ ᠫᠦᠲ᠋ᠢᠨ ᠲᠠᠢ ᠨᠢᠭᠲᠠ ᠶᠠᠪᠤᠯᠴᠠᠭ᠎ᠠ ᠪᠠᠨ ᠦᠷᠭᠦᠯᠵᠢᠯᠡᠨ | ᠪᠠᠲᠤᠯᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠢᠮᠠᠭᠲᠠ ᠤᠷᠤᠭᠰᠢᠲᠠᠢ ᠲᠣᠭᠲᠠᠭᠤᠨ ᠢᠶᠠᠷ ᠤᠷᠤᠭᠰᠢ ᠬᠥᠭᠵᠢᠬᠦ ᠶᠢ ᠪᠠᠲᠤᠯᠠᠨ᠎ᠠ ᠭᠡᠵᠦ ᠰᠠᠨᠠᠯ ᠨᠢᠭᠡᠲᠡᠢ | ᠵᠥᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠ ᠳᠤᠮᠳᠠᠳᠤ ᠤᠷᠤᠰ ᠤᠨ ᠰᠣᠶᠣᠯ ᠤᠨ | ᠣᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ ᠲᠣᠬᠢᠷᠠᠯᠴᠠᠭᠰᠠᠨ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠤᠷᠤᠰ ᠤᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠲᠡᠮᠵᠢᠵᠥ᠂ ᠤᠷᠤᠰ ᠤᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ | ᠬᠠᠮᠠᠭᠠᠯᠠᠬᠤ ᠶᠢ ᠲᠡᠮᠵᠢᠨ᠎ᠡ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠤᠷᠤᠰ ᠯᠤᠭ᠎ᠠ ᠬᠤᠶᠠᠷ ᠲᠠᠯ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ | ᠬᠠᠷᠢᠭᠤᠴᠠᠯᠭ᠎ᠠ ᠶᠢ ᠢᠯᠡᠷᠡᠭᠦᠯᠵᠦ᠂ ᠡᠷᠬᠡ ᠲᠡᠭᠰᠢ᠂ ᠨᠡᠭᠡᠭᠡᠯᠲᠡᠲᠡᠢ᠂ ᠢᠯᠡ ᠲᠣᠳᠣ᠂ ᠪᠠᠭᠲᠠᠭᠠᠮᠵᠢᠲᠠᠢ ᠵᠣᠷᠢᠭ ᠰᠠᠨᠠᠭ᠎ᠠ ᠪᠠᠷ ︽ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ︾ ᠤᠯᠤᠰ ᠤᠳ ᠲᠠᠢ ᠪᠦᠯᠬᠦᠮᠳᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠴᠦᠲᠡᠢ ᠬᠥᠲᠥᠯᠥᠨ ᠳᠠᠭᠠᠭᠤᠯᠤᠨ᠎ᠠ ᠭᠡᠵᠦ ᠴᠢᠬᠤᠯᠠᠴᠢᠯᠠᠪᠠ᠃ | ᠯᠠᠹᠯᠤᠹ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ | ᠳᠠᠮᠵᠢᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠵᠢᠯᠲᠠ ᠣᠯᠵᠤ᠂ ᠪᠤᠰᠤᠳ ᠤᠯᠤᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ ᠬᠠᠩᠭᠠᠵᠠᠢ᠂ ᠤᠷᠤᠰ ᠤᠨ ᠬᠢᠨ ᠡᠭᠦᠨ ᠢ | ᠶᠡᠬᠡᠳᠡ ᠪᠢᠰᠢᠷᠡᠵᠦ ᠪᠠᠶᠢᠨ᠎ᠠ᠃ ᠤᠷᠤᠰ ᠤᠨ ᠭᠠᠳᠠᠭᠠᠳᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠴᠢᠭᠯᠡᠯᠲᠡ ᠪᠣᠯ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠴᠢ ᠫᠦᠲ᠋ᠢᠨ ᠤᠷᠤᠭᠰᠢᠲᠠᠢ ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ | ᠡᠭᠦᠷᠭᠡᠯᠡᠬᠦ ᠪᠣᠯᠤᠭᠰᠠᠨ ᠨᠢ ᠤᠷᠤᠰ ᠳᠤᠮᠳᠠᠳᠤ ᠶᠢᠨ ᠬᠠᠷᠢᠯᠴᠠᠭᠠᠨ ᠤ ᠦᠷᠭᠦᠯᠵᠢᠯᠡᠬᠦ ᠴᠢᠨᠠᠷ ᠢ ᠪᠠᠲᠤᠯᠠᠪᠠ᠃ ᠤᠷᠤᠰ ᠳᠤᠮᠳᠠᠳᠤ ᠶᠢᠨ ᠬᠠᠷᠢᠯᠴᠠᠭ᠎ᠠ ᠡᠷᠬᠡ ᠲᠡᠭᠰᠢ | ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠬᠦᠢᠲᠡᠨ ᠲᠠᠶᠢᠨ ᠤ ᠦᠶ᠎ᠡ ᠶᠢᠨ ᠬᠤᠯᠪᠣᠭᠠᠨ ᠤ ᠬᠠᠷᠢᠴᠠᠭ᠎ᠠ ᠶᠢ ᠳᠠᠪᠠᠵᠤ᠂ ᠬᠦᠴᠦᠷᠬᠡᠭ ᠶᠡᠭᠡ | ᠤᠶᠠᠨ ᠬᠠᠳᠠᠨ ᠴᠢᠨᠠᠷ ᠢᠶᠠᠨ ᠢᠯᠡᠷᠡᠭᠦᠯᠪᠡ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ | ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠤᠰᠤᠳ ︽ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ︾ ᠤᠯᠤᠰ ᠤᠳ ᠲᠠᠢ ᠬᠠᠮᠲᠤ ᠪᠠᠷ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠡᠷᠬᠡ ᠲᠡᠭᠰᠢ ᠲᠥᠪ ᠭᠤᠣᠯᠴᠢ | ᠤᠯᠠᠨ ᠤᠯᠤᠰ ᠤᠨ ᠡᠮᠬᠢ ᠳᠢᠭᠯᠢᠮ ᠢ ᠠᠬᠢᠭᠤᠯᠤᠨ ᠪᠦᠷᠢᠯᠳᠦᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |