ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠠ ᠮᠡᠳᠡᠭᠡ 4 ᠰᠠᠷ᠎ᠠ ᠶᠢᠨ 16 ᠤ ᠡᠳᠦᠷ ᠬᠡᠪᠯᠡᠭᠳᠡᠬᠦ 8 ᠳ᠋ᠤᠭᠠᠷ ᠬᠤᠭᠤᠴᠠᠭᠠᠨ ᠤ | ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 8 ᠰᠠᠷ᠎ᠠ ᠠᠴᠠ | 2023 ᠣᠨ ᠤ 9 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃ | ᠵᠣᠬᠢᠶᠠᠯ ᠳᠤ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠶᠡᠷᠦ ᠠᠴᠠ ᠲᠠᠰᠤᠯᠳᠠᠭᠰᠠᠨ ᠦᠭᠡᠢ ᠪᠠᠶᠢᠵᠤ᠂ ᠮᠠᠨ ᠤ ᠠᠭᠤᠤ ᠶᠡᠭᠡ | ᠦᠨᠳᠦᠰᠦᠲᠡᠨ ᠢ ᠴᠣᠭᠴᠠᠯᠠᠭᠰᠠᠨ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠳᠤᠮᠳᠠᠳᠤ ᠶᠢᠨ ᠦᠨᠳᠦᠰᠦᠲᠡᠨ ᠤ ᠭᠧᠨ ᠪᠠ ᠤᠳᠤᠮᠰᠢᠯ ᠢ | ᠠᠴᠢᠶᠠᠯᠠᠵᠤ᠂ ᠲᠠᠭᠢᠨ ᠡᠭᠦᠰᠴᠦ ᠪᠣᠯᠣᠰᠢ ᠦᠭᠡᠢ᠂ ᠣᠷᠣᠯᠠᠭᠤᠯᠵᠤ ᠪᠣᠯᠣᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠮᠥᠨ᠃ ᠮᠠᠨ ᠤ | ᠡᠨᠡ ᠦᠶ᠎ᠡ ᠶᠢᠨ ᠬᠥᠮᠥᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠪᠠᠰᠠ ᠦᠷ᠎ᠡ ᠬᠤᠶᠢᠴᠢᠰ ᠲᠤ ᠬᠠᠷᠢᠶᠠᠯᠠᠭᠳᠠᠨ᠎ᠠ᠃ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢᠶᠠᠨ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ | ᠠᠮᠢᠯᠠᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ | ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠶᠠᠷᠢᠭᠤᠯᠵᠤ᠂ ᠲᠡᠦᠬᠡ ᠪᠠᠷ ᠶᠠᠷᠢᠭᠤᠯᠵᠤ᠂ ᠰᠣᠶᠣᠯ ᠢᠶᠠᠷ ᠶᠠᠷᠢᠭᠤᠯᠬᠤ ᠬᠡᠷᠡᠭᠲᠡᠢ᠃ ᠤᠯᠠᠮᠵᠢᠯᠠᠯᠲᠤ | ᠰᠣᠶᠣᠯ ᠤᠨ ᠡᠬᠢ ᠪᠠᠶᠠᠯᠢᠭ ᠢ ᠰᠢᠰᠲ᠋ᠧᠮ ᠲᠠᠢ ᠡᠮᠬᠢᠯᠡᠵᠦ᠂ ᠬᠠᠭᠠᠨ ᠸᠠᠩ ᠤᠨ ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ | ᠠᠭᠤᠳᠠᠮ ᠡᠬᠡ ᠭᠠᠵᠠᠷ ᠲᠤ ᠳᠡᠯᠭᠡᠭᠳᠡᠵᠦ ᠪᠠᠶᠢᠭ᠎ᠠ ᠥᠪ ᠬᠥᠷᠥᠩᠭᠡ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠥᠰᠥᠭ ᠪᠢᠴᠢᠭ ᠢ ᠴᠥᠮ ᠠᠮᠢᠯᠠᠭᠤᠯᠬᠤ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠ ᠳᠡᠯᠭᠡᠨ ᠦᠵᠡᠭᠦᠯᠵᠦ ᠤᠯᠠᠮᠵᠢᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠨᠤᠲᠤᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠤᠨ᠂ ᠵᠠᠯᠭᠠᠮᠵᠢᠯᠠᠵᠤ᠂ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ | ᠥᠨᠢ ᠤᠳᠠᠭᠠᠨ ᠲᠡᠦᠬᠡ ᠲᠠᠢ ᠲᠠᠷᠢᠶᠠᠯᠠᠭ᠎ᠠ ᠶᠢᠨ ᠪᠣᠯᠪᠠᠰᠤᠨ ᠤ ᠷᠢᠳᠢ ᠰᠢᠳᠢ ᠪᠣᠯᠣᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠤᠨ ᠤᠭᠢ ᠰᠢᠯᠢᠳᠡᠭ | ᠵᠦᠢᠯ ᠢ ᠤᠯᠠᠮᠵᠢᠯᠠᠨ ᠵᠠᠯᠭᠠᠮᠵᠢᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠳᠡᠮᠵᠢᠬᠦ ᠪᠠ ᠲᠡᠳᠬᠦᠬᠦ ᠪᠠᠨ ᠴᠢᠩᠭᠠᠳᠬᠠᠵᠤ᠂ ᠴᠥᠭᠡᠨ | ᠲᠣᠭᠠᠲᠤ ᠦᠨᠳᠦᠰᠦᠲᠡᠨ ᠤ ᠲᠡᠦᠬᠡ ᠰᠣᠶᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠢ ᠤᠯᠠᠮᠵᠢᠯᠠᠨ | ᠵᠠᠯᠭᠠᠮᠵᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠳᠤᠮᠳᠠᠳᠤ ᠶᠢᠨ ᠪᠣᠯᠪᠠᠰᠤᠨ ᠢ ᠨᠡᠩ ᠰᠠᠶᠢᠨ ᠲᠠᠨᠢᠨ ᠮᠡᠳᠡᠷᠡᠭᠦᠯᠵᠦ᠂ ᠳᠤᠮᠳᠠᠳᠤ ᠤᠯᠤᠰ ᠤᠨ ᠬᠥᠮᠥᠨ ᠪᠤᠯᠬᠤ ᠵᠣᠷᠢᠭ᠂ ᠰᠥᠰᠥ᠂ | ᠢᠲᠡᠭᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠡᠯᠡᠬᠡᠢ ᠶᠢᠷᠲᠢᠨᠴᠦ ᠪᠠᠶᠠᠯᠢᠭ ᠰᠠᠶᠢᠬᠠᠨ ᠪᠣᠯᠪᠠᠰᠤᠨ ᠢᠶᠠᠷ ᠪᠦᠷᠢᠯᠳᠦᠵᠦ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ | ᠡᠷᠲᠡᠨ ᠤ ᠲᠡᠦᠬᠡ ᠪᠠ ᠰᠣᠶᠣᠯ ᠲᠠᠢ ᠤᠯᠤᠰ ᠤᠨ ᠨᠢᠭᠡ ᠪᠣᠯᠣᠨ᠎ᠠ᠃ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ | ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ ᠰᠠᠶᠢᠰᠢᠶᠠᠳᠠᠭ᠃ ᠪᠦᠭᠦ ᠪᠥᠮᠪᠥᠷᠴᠡᠭ ᠤᠨ ᠡᠯ᠎ᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ | ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ᠂ ᠰᠣᠶᠣᠯ ᠤᠨ ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠰᠣᠶᠣᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |