ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠢᠩ ᠬᠠᠢ ᠫᠧᠩ ᠳᠤ ︽ᠣᠨᠴᠠ | ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ ᠵᠦ ᠶᠠᠩ ᠵᠦ ᠭᠦᠢ ᠬᠠᠢ ᠴᠤᠤ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ | ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠲᠤᠬᠠᠢ ᠲᠣᠭᠲᠠᠭᠠᠯ | ︵2024 ᠣᠨ ᠤ 4 ᠰᠠᠷ᠎ᠠ ᠶᠢᠨ 18 ᠤ ᠡᠳᠦᠷ︶ | 2023 ᠣᠨ ᠤ 5 ᠰᠠᠷ᠎ᠠ ᠶᠢᠨ 30 ᠤ ᠡᠳᠦᠷ᠂ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ | ᠠᠮᠵᠢᠯᠲᠠ ᠲᠠᠢ ᠬᠠᠷᠪᠤᠵᠤ᠂ ᠰᠠᠨᠰᠠᠷᠴᠢᠨ ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠢᠰᠬᠦ ᠣᠩᠭᠤᠴᠠ ᠶᠢ ᠵᠢᠯᠣᠭᠤᠳᠤᠨ ᠲᠢᠶᠠᠨ ᠾᠧ ᠭᠤᠣᠯ | ᠦᠷᠦᠭᠡ ᠳᠤ ᠠᠮᠵᠢᠯᠲᠠ ᠲᠠᠢ ᠣᠷᠣᠵᠤ᠂ ᠲᠣᠭᠤᠷᠢᠯᠲᠠ ᠶᠢᠨ ᠵᠠᠮ ᠳᠤ 5 ᠰᠠᠷ᠎ᠠ ᠠᠶᠠᠯᠠᠵᠤ᠂ ᠤᠷᠢᠳ ᠬᠤᠵᠢᠳ 1 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ | ᠥᠷᠨᠢᠭᠦᠯᠵᠦ᠂ 1 ᠤᠳᠠᠭ᠎ᠠ ᠰᠠᠨᠰᠠᠷ ᠠᠴᠠ ᠬᠢᠴᠢᠶᠡᠯ ᠣᠷᠣᠵᠤ᠂ ᠠᠯᠢ ᠤᠯᠠᠨ ᠣᠭᠲᠠᠷᠭᠤᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠪᠣᠯᠣᠨ ᠬᠡᠷᠡᠭᠯᠡᠭᠡᠨ ᠤ | ᠠᠴᠢᠶᠠᠯᠠᠯᠲᠠ ᠶᠢᠨ ᠲᠣᠭᠤᠷᠢᠯᠲᠠ ᠶᠢᠨ ᠵᠠᠮ ᠳᠠᠬᠢ ᠲᠤᠷᠰᠢᠯᠲᠠ ᠬᠢᠵᠦ᠂ ᠰᠠᠨᠰᠠᠷ ᠤᠨ ᠦᠷᠳᠡᠭᠡ ᠶᠢᠨ ︽ᠭᠤᠷᠪᠠᠨ ᠦᠷᠦᠭᠡ ᠭᠤᠷᠪᠠᠨ ᠣᠩᠭᠤᠴᠠ︾ ᠶᠢᠨ | ᠪᠦᠲᠦᠴᠡ ᠳᠣᠣᠷᠠᠬᠢ ᠲᠠᠪᠴᠠᠩ ᠤᠨ ᠬᠠᠮᠢᠶᠠᠷᠤᠯᠲᠠ ᠠᠷᠠᠴᠢᠯᠠᠯᠲᠠ ᠶᠢ ᠪᠡᠶᠡᠯᠡᠭᠦᠯᠵᠦ᠂ 2023 ᠣᠨ ᠤ 10 ᠰᠠᠷ᠎ᠠ ᠶᠢᠨ 31 ᠤ ᠡᠳᠦᠷ ᠠᠮᠤᠷ ᠲᠦᠪᠰᠢᠨ | ᠪᠤᠴᠠᠵᠤ ᠢᠷᠡᠪᠡ᠃ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠰᠠᠨᠰᠠᠷ ᠤᠨ ᠥᠷᠲᠡᠭᠡ ᠶᠢ ᠪᠦᠭᠦ | ᠲᠠᠯ᠎ᠠ ᠪᠠᠷ ᠪᠠᠶᠢᠭᠤᠯᠤᠨ ᠳᠠᠭᠤᠰᠬᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠬᠡᠷᠡᠭᠯᠡᠭᠡᠨ ᠤ ᠪᠠ ᠬᠥᠭᠵᠢᠯᠲᠡ ᠶᠢᠨ ᠰᠢᠨ᠎ᠡ ᠱᠠᠲᠤᠨ ᠳᠤ | ᠣᠷᠣᠭᠰᠠᠨ ᠤ ᠳᠠᠷᠠᠭᠠᠬᠢ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠠᠩᠬ᠎ᠠ ᠤᠳᠠᠭ᠎ᠠ ᠰᠠᠨᠰᠠᠷ ᠤᠨ ᠵᠢᠯᠣᠭᠤᠴᠢ᠂ ᠰᠠᠨᠰᠠᠷ ᠤᠨ | ᠨᠢᠰᠦᠯᠲᠡ ᠶᠢᠨ ᠢᠨᠵᠧᠨᠧᠷ᠂ ᠠᠴᠢᠶᠠᠯᠠᠯᠲᠠ ᠶᠢᠨ ᠲᠤᠰᠬᠠᠢ ᠮᠡᠷᠭᠡᠵᠢᠯᠲᠡᠨ ᠵᠡᠷᠭᠡ 3 ᠲᠥᠷᠥᠯ ᠤᠨ ᠰᠠᠨᠰᠠᠷᠴᠢᠨ ᠬᠠᠮᠲᠤ ᠪᠠᠷ ᠡᠭᠦᠷᠭᠡ ᠭᠦᠢᠴᠡᠳᠬᠡᠪᠡ᠂ ᠡᠨᠡ ᠨᠢ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠢ ᠳᠡᠭᠡᠭᠰᠢᠯᠡᠭᠦᠯᠭᠦ ᠪᠠ | ᠳᠤᠮᠳᠠᠳᠤ ᠶᠢᠨ ᠦᠨᠳᠦᠰᠦᠲᠡᠨ ᠤ ᠨᠢᠭᠲᠠᠷᠠᠭᠤᠯᠬᠤ ᠬᠦᠴᠦᠨ ᠢ ᠴᠢᠩᠭᠠᠳᠬᠠᠬᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠲᠡᠮᠡᠴᠡᠯ ᠤᠨ ᠵᠣᠷᠢᠭ ᠢ ᠬᠥᠭᠵᠢᠭᠡᠬᠦ᠂ ᠪᠦᠯᠬᠦᠮᠳᠡᠨ ᠲᠡᠮᠡᠴᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠥᠷᠭᠡᠨ | ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ | ᠤᠶᠤᠨ ᠤᠬᠠᠭᠠᠨ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠡᠭᠦᠨ ᠤ ᠳᠣᠲᠣᠷᠠᠬᠢ | ᠭᠠᠷᠮᠠᠭᠠᠢ ᠲᠥᠯᠥᠭᠡᠯᠡᠭᠴᠢ ᠪᠣᠯᠣᠨ᠎ᠠ᠂ ᠲᠡᠳᠡ ᠡᠬᠡ ᠤᠯᠤᠰ ᠤᠨ ᠢᠶᠠᠨ ᠲᠥᠯᠥᠭᠡ ᠵᠢᠳᠬᠦᠬᠦ ᠪᠠᠷ ᠵᠣᠷᠢᠭ ᠰᠢᠭᠤᠳᠴᠤ᠂ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ | ᠰᠢᠳᠤᠷᠭᠤ᠂ ᠠᠶᠤᠯ ᠲᠦᠭᠰᠢᠭᠦᠷᠢ ᠠᠴᠠ ᠰᠦᠷᠳᠡᠬᠦ ᠦᠭᠡᠢ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ | ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ ᠢ ᠬᠠᠷᠠᠭᠤᠯᠪᠠ᠃ ᠵᠢᠩ ᠬᠠᠢ ᠫᠧᠩ ᠨᠥᠬᠦᠷ 4 ᠤᠳᠠᠭ᠎ᠠ ᠬᠥᠮᠥᠨ ᠰᠠᠭᠤᠯᠭᠠᠭᠰᠠᠨ ᠨᠢᠰᠦᠯᠲᠡ ᠶᠢᠨ | ᠡᠭᠦᠷᠭᠡ ᠶᠢ ᠭᠦᠢᠴᠡᠳᠬᠡᠵᠦ᠂ 3 ᠤᠳᠠᠭ᠎ᠠ ᠵᠢᠭᠠᠪᠤᠷᠢ ᠥᠭᠬᠦ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ | ᠬᠠᠮᠤᠭ ᠤᠨ ᠤᠯᠠᠨ ᠭᠦᠢᠴᠡᠳᠬᠡᠭᠰᠡᠨ ᠳᠤᠮᠳᠠᠳᠤ ᠤᠯᠤᠰ ᠤᠨ ᠰᠠᠨᠰᠠᠷᠴᠢᠨ ᠪᠣᠯᠪᠠ᠃ ᠵᠦ ᠶᠠᠩ ᠵᠦ ᠨᠥᠬᠦᠷ ᠡᠷᠡᠰ ᠰᠢᠭᠤᠷᠬᠠᠢ᠂ ᠵᠣᠷᠢᠭᠲᠠᠢ ᠥᠷᠢᠰᠦᠯᠳᠦᠵᠦ᠂ | ᠨᠠᠷᠢᠨ ᠨᠢᠮᠪᠠᠢ ᠠᠵᠢᠯᠯᠠᠵᠤ᠂ ᠮᠠᠨ ᠤ ᠤᠯᠤᠰ ᠤᠨ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠬᠦ᠂ ᠦᠷᠦᠭᠡ ᠠᠴᠠ ᠭᠠᠷᠭᠠᠬᠤ | ᠠᠵᠢᠯᠯᠠᠭ᠎ᠠ ᠶᠢ ᠥᠷᠨᠢᠭᠦᠯᠬᠦ ᠰᠠᠨᠰᠠᠷ ᠤᠨ ᠠᠶᠠᠯᠠᠯ ᠤᠨ ᠨᠢᠰᠦᠯᠲᠡ ᠶᠢᠨ ᠢᠨᠵᠧᠨᠧᠷ ᠪᠣᠯᠪᠠ᠃ ᠭᠦᠢ ᠬᠠᠢ ᠴᠤᠤ ᠨᠥᠬᠦᠷ ᠬᠠᠲᠠᠭᠤᠵᠢᠯᠲᠠᠢ ᠪᠣᠯᠪᠠᠰᠤᠷᠠᠵᠤ᠂ ᠳᠠᠪᠬᠤᠷ | ᠳᠠᠪᠬᠤᠷ ᠬᠢᠨᠠᠨ ᠰᠢᠯᠭᠠᠯᠲᠠ ᠶᠢ ᠥᠩᠭᠡᠷᠡᠭᠡᠵᠦ᠂ ᠢᠷᠠᠭᠤ ᠠᠯᠳᠠᠷᠲᠠᠢ ᠪᠠᠷ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠤᠨ ᠨᠢᠰᠦᠯᠲᠡ ᠶᠢᠨ ᠳᠤᠭᠤᠶᠢᠯᠠᠩ ᠤᠨ | ᠭᠡᠰᠢᠭᠦᠨ ᠢᠶᠠᠷ ᠰᠣᠩᠭᠤᠭᠳᠠᠵᠤ᠂ ᠮᠠᠨ ᠤ ᠤᠯᠤᠰ ᠤᠨ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠭᠰᠡᠨ ᠠᠴᠢᠶᠠᠯᠠᠯᠲᠠ ᠶᠢᠨ | ᠲᠤᠰᠬᠠᠢ ᠮᠡᠷᠭᠡᠵᠢᠯᠲᠡᠨ ᠪᠣᠯᠪᠠ᠃ ᠲᠡᠳᠡᠨ ᠤ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠤ ᠦᠵᠡᠭᠦᠯᠦᠭᠰᠡᠨ ᠭᠠᠷᠮᠠᠭᠠᠢ | ᠭᠠᠪᠢᠶ᠎ᠠ ᠵᠢᠳᠬᠦᠯ ᠢ ᠬᠥᠬᠢᠭᠦᠯᠦᠨ ᠰᠠᠶᠢᠰᠢᠶᠠᠬᠤ ᠶᠢᠨ ᠲᠤᠯᠠᠳᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠵᠢᠩ ᠬᠠᠢ ᠫᠧᠩ ᠨᠥᠬᠦᠷ ᠲᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ᠂ ᠵᠦ ᠶᠠᠩ ᠵᠦ᠂ ᠭᠦᠢ | ᠬᠠᠢ ᠴᠤᠤ ᠨᠥᠬᠦᠷ ᠲᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ | ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ᠃ | ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ | ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ ᠬᠤᠰᠢᠭᠤᠴᠢ ᠮᠥᠨ᠂ ᠣᠷᠴᠢᠯᠠᠩ ᠢ ᠬᠠᠶᠢᠨ ᠰᠦᠪᠡᠭᠴᠢᠯᠡᠬᠦ᠂ ᠬᠦᠰᠡᠯ ᠵᠡᠭᠦᠳᠦ ᠪᠠᠨ | ᠲᠡᠷᠭᠡᠯᠰᠢᠭᠦᠯᠬᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ᠃ ᠨᠠᠮ ᠤᠨ ᠲᠥᠪ ᠬᠤᠷᠢᠶ᠎ᠠ ᠶᠢᠨ ᠤᠷᠢᠶᠠᠯᠠᠭ᠎ᠠ᠂ ᠪᠦᠭᠦ | ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ︽ᠬᠤᠶᠠᠷ ᠪᠥᠮᠪᠦᠭᠡ ᠨᠢᠭᠡ ᠤᠳᠤ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ | ᠴᠢᠷᠮᠠᠶᠢᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠪᠦᠯᠬᠦᠮᠳᠡᠨ ᠲᠡᠮᠡᠴᠡᠰᠦᠭᠡᠢ︕ |