ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ | ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠲᠦᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ | ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | 4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ | ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ | ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠰᠢᠨ᠎ᠡ ᠴᠠᠭ | ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠢ ᠪᠠᠶᠢᠷᠢᠯᠠᠭᠤᠯᠤᠯᠲᠠ ᠬᠢᠭᠰᠡᠨ 5 | ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ | ᠰᠠᠶᠢᠲᠠᠢ ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ | ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ | ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ | ᠬᠠᠷᠠᠬᠤ ᠬᠡᠷᠡᠭᠲᠡᠢ᠂ ᠦᠨᠡᠨ ᠬᠦ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠢ ᠴᠢᠷᠮᠠᠶᠢᠨ ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ | ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ | ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠭᠦ | ᠬᠡᠷᠡᠭᠲᠡᠢ᠃ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ | ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ | ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ | ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ | ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ ᠣᠷᠣᠨ ᠤ ᠳᠣᠲᠣᠭᠠᠳᠤ ᠭᠠᠳᠠᠭᠠᠳᠤ | ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ ᠤ ᠡᠬᠡ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭᠠᠤ ᠭᠠᠵᠠᠷ ᠣᠷᠣᠨ ᠤ ᠡᠯ᠎ᠡ ᠲᠦᠷᠦᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠨᠡᠩ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ | ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠲᠡ ᠶᠢᠨ ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ | ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ ᠵᠡᠭᠦᠨᠰᠢ ᠬᠦᠷᠭᠡᠬᠦ︾ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ | ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠬᠡᠨ | ᠪᠦᠷᠢᠯᠳᠦᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ | ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ | ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ | ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠢ ᠪᠠᠷ ᠪᠤᠶᠢᠵᠢᠭᠤᠯᠤᠨ᠂ ᠨᠢᠭᠡ ᠪᠦᠯᠦᠭ ᠮᠤᠵᠢ ᠶᠢᠨ | ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ ᠬᠤᠭᠤᠷᠣᠨᠳᠣᠭᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ | ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ | ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ | ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠠᠵᠤ | ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ ᠦᠢᠯᠡᠳᠪᠦᠷᠢ ᠶᠢᠨ ᠲᠣᠮᠣ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ | ᠪᠤᠶᠢᠵᠢᠭᠤᠯᠵᠤ᠂ ᠲᠠᠷᠢᠶᠠᠴᠢᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠤᠳᠠ ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠭᠦ ᠬᠡᠷᠡᠭᠲᠡᠢ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ | ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠢ ᠪᠤᠯᠭᠠᠬᠤ ᠬᠡᠷᠡᠭᠲᠡᠢ᠃ ᠨᠠᠮ ᠤᠨ | ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ | ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ | ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ | ᠬᠡᠷᠡᠭᠲᠡᠢ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ | ᠲᠤᠭᠤᠰᠢᠯᠠᠭᠤᠯᠵᠤ᠂ ᠬᠠᠷᠢᠯᠴᠠᠨ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠬᠡᠨ | ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ | ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠣᠭᠤᠮᠲᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ ᠬᠢᠵᠠᠭᠠᠷ | ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠠᠨᠳᠤᠯᠭᠠᠲᠤ ᠴᠢᠨᠠᠷᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯ ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ | ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠲᠦᠷᠦ ᠶᠢᠨ | ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠲᠣᠭᠲᠠᠭᠠᠨ | ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ | ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ | ᠪᠠᠶᠢᠷᠢ ᠲᠣᠭᠲᠠᠭᠠᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ; ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ ᠭᠠᠵᠠᠷ ᠤᠨ | ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ | ᠬᠥᠭᠵᠢᠯᠲᠡ ᠶᠢ ᠳᠠᠶᠢᠴᠢᠯᠠᠬᠤ ᠨᠡᠩ ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ | ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ ᠣᠷᠣᠨ ᠤ ᠬᠥᠭᠵᠢᠯᠲᠡ ᠶᠢᠨ ᠬᠥᠳᠡᠯᠭᠡᠬᠦ | ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠢᠯᠡᠷᠬᠡᠶᠢᠯᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ | ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ | ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ | ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠪᠠ ᠲᠥᠷᠥ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | |