ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠭᠢᠯᠭᠠᠨ ᠮᠡᠳᠡᠭᠡ 4 ᠰᠠᠷ᠎ᠠ ᠶᠢᠨ 2 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠵᠢᠴᠢ ᠬᠤᠶᠠᠷ ᠲᠠᠯ᠎ᠠ ᠶᠢᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ ᠠᠭᠤᠯᠵᠠᠵᠤ ᠂ ᠢᠷᠡᠭᠡᠳᠦᠢ ᠳᠤ ᠬᠠᠨᠳᠤᠭᠰᠠᠨ | ︽ ᠰᠠᠨ ᠹᠷᠠᠨᠰᠢᠰᠺᠦ ᠶᠢᠨ ᠬᠦᠰᠡᠯ ᠪᠠᠷᠠᠯᠠᠯ ︾ ᠢ ᠡᠬᠢᠯᠡᠭᠦᠯᠪᠡ᠃ ᠡᠨᠡ ᠬᠡᠳᠦᠨ ᠰᠠᠷ᠎ᠠ ᠳᠤ ᠬᠤᠶᠠᠷ ᠲᠠᠯ᠎ᠠ ᠶᠢᠨ ᠪᠦᠯᠭᠦᠮ ᠪᠢᠳᠠᠨ ᠤ ᠲᠣᠬᠢᠷᠠᠯᠴᠠᠭᠰᠠᠨ ᠬᠠᠮᠲᠤ ᠶᠢᠨ | ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ ᠂ ᠬᠤᠶᠠᠷ ᠤᠯᠤᠰ ᠤᠨ ᠡᠯ᠎ᠡ | ᠡᠲᠡᠭᠡᠳ ᠪᠣᠯᠣᠨ ᠳᠡᠯᠡᠬᠡᠢ ᠨᠡᠶᠢᠭᠡᠮ ᠤᠨ ᠬᠦᠷᠢᠶᠡᠯᠡᠯ ᠢ ᠣᠯᠪᠠ ᠃ ᠨᠦᠭᠦᠭᠡ ᠲᠠᠯ᠎ᠠ ᠪᠠᠷ ᠂ ᠬᠤᠶᠠᠷ ᠤᠯᠤᠰ ᠤᠨ ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ | ᠡᠳᠦᠢ ᠲᠡᠳᠦᠢ ᠨᠡᠮᠡᠭᠳᠡᠵᠦ ᠪᠠᠶᠢᠨ᠎ᠠ ᠂ ᠬᠤᠶᠠᠷ ᠲᠠᠯ᠎ᠠ ᠪᠠᠷ ᠢᠶᠠᠨ ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠬᠡᠪᠰᠢ ᠰᠠᠶᠢᠲᠤᠷ | ᠴᠢᠬᠤᠯᠠᠴᠢᠯᠠᠬᠤ ︽ ᠠᠩᠬᠠᠨ ᠤ ᠠᠯᠬᠤᠮ ︾ ᠪᠣᠯᠣᠨ᠎ᠠ ᠃ ᠳᠤᠮᠳᠠᠳᠤ ᠠᠮᠧᠷᠢᠺᠠ ᠡᠶᠢᠮᠦ ᠬᠤᠶᠠᠷ ᠲᠣᠮᠣ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶᠢᠵᠤ | ᠪᠤᠯᠬᠤ ᠦᠭᠡᠢ ᠂ ᠨᠡᠩ ᠴᠤ ᠮᠥᠷᠭᠦᠯᠳᠦᠨ ᠡᠰᠡᠷᠭᠦᠴᠡᠯᠳᠦᠵᠦ ᠪᠤᠯᠬᠤ ᠦᠭᠡᠢ ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ ᠂ | ᠬᠠᠮᠲᠤᠷᠠᠯᠴᠠᠨ ᠬᠠᠮᠲᠤ ᠪᠠᠷ ᠠᠰᠢᠭ ᠬᠦᠷᠲᠡᠵᠦ ᠂ ᠦᠷᠭᠦᠯᠵᠢᠯᠡᠨ ᠲᠣᠭᠲᠠᠭᠤᠨ ᠂ ᠡᠷᠡᠭᠦᠯ᠂ ᠦᠷᠭᠦᠯᠵᠢᠯᠡᠬᠦ ᠵᠠᠮ ᠢᠶᠠᠷ ᠤᠷᠤᠭᠰᠢᠯᠠᠪᠠᠯ ᠵᠣᠬᠢᠨ᠎ᠠ᠂ ᠬᠠᠷᠢᠨ | ᠥᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠨᠠᠶᠢᠷᠠᠮᠳᠠᠯ ᠢ ᠡᠷᠬᠢᠮᠯᠡᠵᠦ᠂ | ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ ᠲᠠᠯ᠎ᠠ ᠶᠢᠨ | ᠵᠢᠱᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ ᠃ ᠬᠤᠶᠠᠷ ᠲᠤ ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ᠂ ᠳᠡᠩᠰᠡᠯᠭᠡᠬᠦ ᠦᠭᠡᠢ ᠂ ᠬᠡᠷᠡᠭ ᠥᠳᠥᠭᠡᠬᠦ ᠦᠭᠡᠢ ᠂ | ᠬᠠᠷᠢᠯᠴᠠᠨ ᠭᠠᠷ ᠲᠦᠷᠦᠭᠦ ᠦᠭᠡᠢ ᠪᠠᠶᠢᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠶ᠎ᠠ ᠃ ᠭᠤᠷᠪᠠ ᠳᠤ᠂ | ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ ᠂ ᠪᠣᠳᠠᠲᠤ ᠠᠵᠢᠯᠯᠠᠭ᠎ᠠ ᠪᠠᠷ ᠢᠶᠠᠨ ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ ᠂ ︽ ᠰᠠᠨ ᠹᠷᠠᠨᠰᠢᠰᠺᠤ ᠶᠢᠨ | ᠬᠦᠰᠡᠯ ᠪᠠᠷᠠᠯᠠᠯ ︾ ᠢ ︽ ᠪᠣᠳᠠᠲᠤ ᠠᠬᠤᠢ ᠪᠠᠶᠢᠳᠠᠯ ︾ ᠪᠣᠯᠭᠠᠨ ᠬᠤᠪᠢᠷᠠᠭᠤᠯᠤᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠭᠡᠯᠪᠡᠷᠢ ᠪᠠᠷ | ᠶᠠᠷᠢᠯᠴᠠᠭ᠎ᠠ ᠪᠠᠨ ᠴᠢᠩᠭᠠᠳᠬᠠᠵᠤ ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ ᠂ ᠬᠠᠷᠢᠯᠴᠠᠨ ᠠᠰᠢᠭᠲᠠᠢ ᠪᠠᠶᠢᠬᠤ ᠵᠣᠷᠢᠭ ᠰᠠᠨᠠᠭ᠎ᠠ ᠪᠠᠷ | ᠬᠠᠮᠲᠤᠷᠠᠯᠴᠠᠭ᠎ᠠ ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠤᠯᠤᠰ ᠤᠨ ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ ᠳᠠᠪᠠᠵᠤ ᠪᠣᠯᠣᠰᠢ ᠦᠭᠡᠢ ᠤᠯᠠᠭᠠᠨ | ᠱᠤᠭᠤᠮ ᠮᠥᠨ ᠃ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ | ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ ᠰᠣᠨᠣᠰᠤᠭᠠᠳ ᠯᠡ ᠥᠩᠭᠡᠷᠡᠭᠦᠯᠬᠦ ᠪᠢᠰᠢ ᠶᠤᠮ ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ | ︽ ᠲᠠᠶᠢᠸᠠᠨ ᠤ ᠲᠤᠰᠠᠭᠠᠷ ᠲᠣᠭᠲᠠᠨᠢᠬᠤ ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠃ | ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ | ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ ᠃ | ᠡᠨᠡ ᠨᠢ ︽ ᠲᠦᠭᠰᠢᠭᠦᠷᠢ ᠶᠢ ᠠᠷᠢᠯᠭᠠᠬᠤ ︾ ᠶᠠᠪᠤᠳᠠᠯ ᠪᠢᠰᠢ ᠂ ᠬᠠᠷᠢᠨ ᠲᠦᠭᠰᠢᠭᠦᠷᠢ ᠶᠢ ᠪᠤᠢ ᠪᠤᠯᠭᠠᠬᠤ ᠶᠠᠪᠤᠳᠠᠯ ᠪᠣᠯᠣᠨ᠎ᠠ ᠃ ᠬᠡᠷᠪᠡ ᠠᠮᠧᠷᠢᠺᠠ ᠶᠢᠨ | ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ ᠂ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ | ᠳᠤᠷᠠᠲᠠᠢ ᠪᠣᠯ ᠂ ᠳᠤᠮᠳᠠᠳᠤ ᠶᠢᠨ ᠲᠠᠯ᠎ᠠ ᠶᠢᠨ ᠬᠢᠨ ᠬᠡᠵᠢᠶᠡᠳᠡ ᠡᠭᠦᠳᠡ ᠪᠠᠨ ᠨᠡᠭᠡᠭᠡᠵᠦ ᠤᠬᠳᠤᠨ᠎ᠠ ; ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠤᠵᠢᠭᠤᠳᠠ ᠪᠠᠷ | ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ ᠂ ᠳᠤᠮᠳᠠᠳᠤ ᠤᠯᠤᠰ ᠤᠨ ᠵᠦᠢ ᠶᠣᠰᠣᠨ ᠤ | ᠬᠥᠭᠵᠢᠯᠲᠡ ᠶᠢᠨ ᠡᠷᠬᠡ ᠶᠢ ᠦᠭᠡᠶᠢᠰᠭᠡᠭᠦ ᠳᠤ ᠭᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ ᠃ | ᠰᠢ ᠶᠢᠨ ᠫᠢᠩ ᠰᠢᠶᠠᠩᠭᠠᠩ ᠂ ᠬᠥᠮᠥᠨ ᠤ ᠡᠷᠬᠡ ᠂ ᠡᠮᠦᠨᠡᠲᠦ ᠲᠠᠩᠭᠢᠰ ᠵᠡᠷᠭᠡ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ | ᠵᠣᠭᠰᠣᠯᠲᠠ ᠶᠢ ᠲᠣᠳᠣᠷᠬᠠᠶᠢᠯᠠᠨ ᠥᠭᠦᠯᠡᠪᠡ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ ᠨᠥᠯᠥᠭᠡ ᠲᠠᠢ ᠬᠤᠶᠠᠷ ᠲᠠᠯ᠎ᠠ ᠶᠢᠨ | ᠬᠠᠷᠢᠯᠴᠠᠭ᠎ᠠ ᠪᠣᠯᠣᠨ᠎ᠠ ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠣᠭᠰᠠᠨ ᠠᠬᠢᠴᠠ ᠨᠢ ᠬᠤᠶᠠᠷ | ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠢᠳᠡᠪᠬᠢᠲᠡᠢ ᠪᠠᠷ ᠠᠬᠢᠭᠤᠯᠬᠤ ᠶᠢᠨ ᠬᠠᠮᠲᠤ ᠬᠠᠷᠢᠭᠤᠴᠠᠬᠤ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠤᠯᠬᠤ ᠶᠢ | ᠬᠠᠷᠠᠭᠤᠯᠪᠠ ᠃ ᠠᠮᠧᠷᠢᠺᠠ ᠶᠢᠨ ᠲᠠᠯ᠎ᠠ ᠶᠢᠨ ᠬᠢᠨ ︽ ᠰᠢᠨ᠎ᠡ ᠬᠦᠢᠲᠡᠨ ᠳᠠᠶᠢᠨ ︾ ᠢ ᠡᠷᠢᠯᠬᠢᠯᠡᠬᠦ ᠦᠭᠡᠢ ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ | ᠡᠷᠢᠯᠬᠢᠯᠡᠬᠦ ᠦᠭᠡᠢ ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ ᠂ | ︽ ᠲᠠᠶᠢᠸᠠᠨ ᠤ ᠲᠤᠰᠠᠭᠠᠷ ᠲᠣᠭᠲᠠᠨᠢᠬᠤ ︾ ᠶᠢ ᠳᠡᠮᠵᠢᠬᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ | ᠢᠯᠡᠷᠬᠡᠶᠢᠯᠡᠶ᠎ᠡ ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ ᠃ ᠳᠤᠮᠳᠠᠳᠤ ᠤᠯᠤᠰ ᠤᠨ ᠬᠥᠭᠵᠢᠯᠲᠡ | ᠳᠡᠯᠡᠬᠡᠢ ᠳ᠋ᠠᠬᠢᠨ ᠳᠤ ᠠᠰᠢᠭᠲᠠᠢ ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ ᠡᠷᠢᠯᠬᠢᠯᠡᠬᠦ ᠦᠭᠡᠢ ᠂ ᠳᠤᠮᠳᠠᠳᠤ ᠤᠯᠤᠰ ᠲᠠᠢ | ︽ ᠬᠠᠷᠢᠯᠴᠠᠭ᠎ᠠ ᠪᠠᠨ ᠲᠠᠰᠤᠯᠬᠤ ︾ ᠶᠢ ᠡᠷᠢᠯᠬᠢᠯᠡᠬᠦ ᠦᠭᠡᠢ ᠃ ᠳᠤᠷᠠᠲᠠᠶ᠎ᠠ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ ᠂ ᠲᠦᠷᠦ ᠶᠢᠨ ᠶᠠᠪᠤᠳᠠᠯ ᠤᠨ ᠰᠠᠶᠢᠳ | ᠪᠦᠯᠢᠨᠺᠧᠨ ᠢ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠲᠣᠬᠢᠷᠠᠭᠤᠯᠵᠤ ᠂ ᠳᠤᠮᠳᠠᠳᠤ ᠤᠯᠤᠰ ᠯᠤᠭ᠎ᠠ ᠶᠠᠷᠢᠯᠴᠠᠭ᠎ᠠ | ᠣᠯᠣᠯᠴᠠᠭ᠎ᠠ ᠪᠠᠨ ᠴᠢᠩᠭᠠᠳᠬᠠᠵᠤ ᠂ ᠪᠤᠷᠤᠭᠤ ᠮᠠᠭᠠᠳᠯᠠᠬᠤ ᠠᠴᠠ ᠵᠠᠶᠢᠯᠠᠰᠬᠢᠵᠦ ᠂ ᠬᠠᠮᠲᠤᠷᠠᠯᠴᠠᠭ᠎ᠠ ᠪᠠᠨ ᠠᠬᠢᠭᠤᠯᠵᠤ ᠂ ᠬᠤᠶᠠᠷ ᠤᠯᠤᠰ ᠤᠨ ᠬᠠᠷᠢᠯᠴᠠᠭ᠎ᠠ ᠶᠢᠨ | ᠲᠣᠭᠲᠠᠭᠤᠨ ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃ | ᠬᠤᠶᠠᠷ ᠤᠯᠤᠰ ᠤᠨ ᠲᠡᠷᠢᠭᠦᠨ ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠭᠡᠵᠦ ᠦᠵᠡᠪᠡ ᠃ | ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ ᠂ ᠬᠤᠶᠠᠷ ᠲᠠᠯ᠎ᠠ ᠶᠢᠨ ᠠᠵᠢᠯᠯᠠᠬᠤ ᠳᠤᠭᠤᠶᠢᠯᠠᠩ ᠢᠶᠠᠷ ︽ ᠰᠠᠨ ᠹᠷᠠᠨᠰᠢᠰᠺᠤ ᠶᠢᠨ ᠬᠦᠰᠡᠯ | ᠪᠠᠷᠠᠯᠠᠯ ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ ᠂ ᠭᠠᠳᠠᠭᠠᠳᠤ ᠬᠠᠷᠢᠯᠴᠠᠭ᠎ᠠ ᠂ ᠠᠵᠤ ᠠᠬᠤᠢ ᠂ ᠮᠥᠩᠭᠦᠨ ᠭᠦᠢᠯᠭᠡᠭᠡᠨ ᠂ ᠬᠤᠳᠠᠯᠳᠤᠭᠠᠨ ᠤ | ᠶᠠᠪᠤᠳᠠᠯ ᠵᠡᠷᠭᠡ ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠣᠯᠣᠯᠴᠠᠭ᠎ᠠ ᠶᠢ ᠠᠬᠢᠭᠤᠯᠵᠤ ᠂ ᠬᠤᠣᠷ ᠴᠠᠭᠠᠵᠠᠯᠠᠬᠤ ᠂ | ᠵᠣᠬᠢᠶᠠᠮᠠᠯ ᠤᠶᠤᠨ ᠴᠢᠳᠠᠪᠤᠷᠢ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ ᠂ | ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ ᠂ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ ᠃ ᠳᠤᠮᠳᠠᠳᠤ ᠤᠯᠤᠰ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ ᠂ | ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠤ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ |