ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ᠪᠦᠭᠦ | ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ | ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠶᠢᠨ | ᠵᠥᠪᠰᠢᠶᠡᠷᠡᠯ ᠢᠶᠠᠷ᠂ 2024 ᠣᠨ ᠤ 4 ᠰᠠᠷ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ | ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠢᠯᠠᠩᠭᠤᠶ᠎ᠠ | ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ᠳᠦᠷᠢᠮ︾ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ | ᠭᠡᠭᠴᠢ ᠶᠠᠭᠤ ᠪᠤᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠦᠯᠦ ᠪᠤᠯᠬᠤ ᠶᠢ ᠣᠶᠢᠯᠠᠭᠠᠵᠤ᠂ ᠳᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭᠠᠨ ᠤ ᠪᠠᠨ ᠪᠠᠷᠢᠮᠵᠢᠶ᠎ᠠ ᠪᠤᠯᠭᠠᠵᠤ᠂ ᠴᠢᠨᠠᠭᠰᠢᠳᠠ | ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ | ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ | ᠲᠣᠳᠣᠷᠬᠠᠶᠢᠯᠠᠪᠠ᠃ | ︽ᠮᠡᠳᠡᠭᠳᠡᠯ︾ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ | ᠠᠳᠬᠤᠬᠤ ᠶᠢ ᠴᠢᠬᠤᠯᠠᠴᠢᠯᠠᠬᠤ ᠬᠡᠷᠡᠭᠲᠡᠢ᠃ ᠲᠡᠷᠡ ᠬᠡᠪ ᠢᠶᠠᠷ ᠨᠢ ᠰᠤᠷᠤᠯᠴᠠᠵᠤ᠂ ᠬᠤᠪᠢ ᠬᠥᠮᠥᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ | ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ | ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠯᠤᠭ᠎ᠠ ᠨᠢᠭᠲᠠ | ᠤᠶᠠᠯᠳᠤᠭᠤᠯᠤᠨ ᠰᠤᠳᠤᠯᠤᠨ ᠶᠠᠷᠢᠯᠴᠠᠵᠤ᠂ ︽ᠳᠦᠷᠢᠮ︾ ᠢ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ | ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ | ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠰᠡᠷᠡᠮᠵᠢ ᠠᠪᠬᠤ᠂ ᠬᠤᠷᠢᠭ᠎ᠠ | ᠱᠤᠭᠤᠮ ᠢ ᠲᠣᠳᠣᠷᠬᠠᠢ ᠮᠡᠳᠡᠬᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠤᠯᠭᠠᠬᠤ ᠬᠡᠷᠡᠭᠲᠡᠢ᠃ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ᠂ ︽ᠳᠦᠷᠢᠮ︾ | ᠢ ᠣᠶᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ᠃ 2024 ᠣᠨ ᠤ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠨᠢ᠂ ︽ᠳᠦᠷᠢᠮ︾ ᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠢ ᠬᠠᠷᠢᠴᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ | ᠡᠰᠡᠷᠭᠦᠴᠡᠵᠦ᠂ ︽ᠨᠠᠮ ᠤᠨ ᠤᠯᠤᠰ ᠲᠦᠷᠦ ᠶᠢᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠲᠤ | ᠪᠤᠰᠤ ᠪᠠᠷ ᠳᠥᠭᠦᠮᠴᠢᠯᠡᠬᠦ ᠪᠣᠯᠭᠢᠴᠢᠯᠠᠬᠤ︾᠂ ︽ᠨᠠᠮ ᠤᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠬᠡᠯᠡᠨ ᠤ ᠤᠷᠠᠨ ᠢ ᠠᠰᠢᠭᠯᠠᠵᠤ | ᠭᠦᠳᠬᠡᠬᠦ ᠲᠠᠭᠠᠷᠢᠬᠤ︾ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ |