ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠪᠠᠶᠢᠷᠢᠨ ᠳᠤ | ᠲᠠᠯᠪᠢᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠠᠬᠢ ᠤᠳᠤᠷᠢᠳᠤᠯᠭ᠎ᠠ ᠪᠦᠭᠦ ᠲᠠᠯ᠎ᠠ ᠪᠠᠷ | ᠴᠢᠩᠭᠠᠷᠠᠵᠤ᠂ ᠡᠯ᠎ᠡ ᠱᠠᠲᠤ ᠡᠯ᠎ᠡ ᠲᠥᠷᠥᠯ ᠤᠨ ᠰᠤᠷᠭᠠᠭᠤᠯᠢ ᠶᠢᠨ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠨᠠᠩ ᠢᠯᠡ ᠲᠣᠳᠣ ᠪᠣᠯᠵᠤ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠵᠢᠭᠠᠨ ᠰᠤᠷᠭᠠᠬᠤ ᠳᠤ ᠪᠠᠭ᠋ᠠᠲᠠᠢ᠂ ᠵᠢᠭᠠᠨ ᠰᠤᠷᠭᠠᠬᠤ ᠳᠤ ᠴᠢᠳᠠᠮᠠᠭᠠᠢ᠂ ᠨᠢᠭᠡᠨ ᠰᠡᠳᠬᠢᠯ ᠢᠶᠠᠷ ᠬᠥᠮᠥᠨ | ᠬᠥᠮᠥᠵᠢᠭᠦᠯᠬᠦ ᠢᠲᠡᠭᠡᠯ ᠵᠣᠷᠢᠭ ᠨᠠᠩ ᠲᠡᠭᠦᠯᠳᠡᠷ ᠪᠣᠯᠵᠤ᠂ ᠥᠷᠭᠡᠨ ᠣᠯᠠᠨ ᠵᠠᠯᠠᠭᠤ ᠪᠠᠭ᠎ᠠ ᠰᠤᠷᠤᠬᠴᠢᠳ ᠤᠨ ︽ ᠳᠥᠷᠪᠡᠨ ᠢᠲᠡᠭᠡᠯ ︾ ᠢᠯᠡᠳᠲᠡ ᠴᠢᠩᠭᠠᠷᠠᠵᠤ᠂ | ᠣᠶᠤᠨ ᠰᠠᠨᠠᠭᠠᠨ ᠤ ᠳᠦᠷᠰᠦ ᠪᠠᠶᠢᠳᠠᠯ ᠴᠤᠭ ᠪᠠᠳᠠᠷᠠᠩᠭᠤᠢ ᠪᠣᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠭᠵᠢᠯᠲᠡ ᠶᠢᠨ ᠣᠷᠴᠢᠨ ᠲᠣᠭᠤᠷᠢᠨ | ᠪᠠ ᠪᠦᠬᠦᠯᠢ ᠴᠣᠭᠴᠠ ᠶᠢᠨ ᠠᠮᠢ ᠠᠬᠤᠢ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠰᠢᠨ᠎ᠡ ᠪᠠᠶᠢᠳᠠᠯ | ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ ᠪᠠᠶᠢᠳᠠᠯ ᠲᠠᠢ ᠪᠠᠶᠢᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ | ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ | ᠠᠭᠤᠯᠭ᠎ᠠ ᠪᠤᠯᠭᠠᠬᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠵᠢᠯᠤᠭᠤᠳᠬᠤ | ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠵᠢᠯᠲᠠ ᠪᠦᠲᠦᠮᠵᠢ ᠪᠠᠷ ᠠᠭᠤᠯᠭ᠎ᠠ ᠶᠢᠨ ᠲᠦᠰᠢᠭ ᠲᠤᠯᠭᠠᠭᠤᠷᠢ ᠪᠤᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ | ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠬᠦᠴᠦᠨ ᠴᠢᠳᠠᠯ ᠤᠨ ᠰᠠᠭᠤᠷᠢ ᠪᠤᠯᠭᠠᠵᠤ᠂ ᠶᠣᠰᠣ ᠤᠴᠢᠷ ᠢ ᠭᠦᠨᠵᠡᠭᠡᠢ ᠪᠥᠭᠡᠳ ᠨᠡᠪᠲᠡᠷᠬᠡᠢ ᠶᠠᠷᠢᠵᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠮᠠᠶ᠋ᠢᠭ ᠤᠨ | ᠬᠥᠭᠵᠢᠯᠲᠡ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠬᠠᠶᠢᠷ᠎ᠠ ᠰᠡᠳᠬᠢᠯᠭᠡ ᠭᠦᠨ ᠵᠤᠵᠠᠭᠠᠨ᠂ ᠰᠡᠳᠬᠢᠬᠦᠢ ᠰᠢᠨ᠎ᠡ᠂ ᠬᠠᠷᠠᠭᠠᠰᠤ ᠥᠷᠭᠡᠨ᠂ | ᠪᠡᠶ᠎ᠡ ᠪᠠᠨ ᠴᠢᠩᠭ᠎ᠠ ᠱᠠᠭᠠᠷᠳᠠᠬᠤ᠂ ᠬᠥᠮᠥᠨ ᠴᠢᠨᠠᠷ ᠲᠥᠪ ᠴᠢᠬᠡᠴᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠬᠦᠴᠦᠯᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠶᠢᠭᠤᠯᠤᠯᠲᠠ ᠶᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠤᠬᠠᠮᠰᠠᠷ ᠠᠴᠠ ᠪᠠᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ | ᠦᠭᠡᠢ ᠡᠭᠦᠳᠴᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ | ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠨᠠᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ 5 ᠰᠠᠷ᠎ᠠ ᠶᠢᠨ | 11 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ᠂ ᠠᠷᠠᠳ ᠤᠨ ᠠᠮᠢᠳᠤᠷᠠᠯ ᠤᠨ | ᠰᠢᠨᠵᠢ ᠴᠢᠨᠠᠷ ᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠨᠠᠮ ᠠᠴᠠ ᠰᠤᠷᠭᠠᠨ ᠬᠥᠮᠦᠵᠢᠯ ᠤᠨ ᠠᠵᠢᠯ ᠢ | ᠤᠳᠤᠷᠢᠳᠬᠤ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠢᠯᠣᠭᠤᠳᠤᠯᠭ᠎ᠠ ᠪᠤᠯᠭᠠᠵᠤ᠂ | ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤ ᠰᠠᠭᠤᠷᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠤᠨ ᠦᠢᠯᠡᠰ ᠪᠣᠯᠣᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠤᠯᠭᠠᠬᠰᠠᠨ | ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠨᠠᠮ ᠤᠨ ᠰᠢᠨ᠎ᠡ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ | ᠪᠦᠲᠦᠭᠡᠯ ᠢ ᠲᠠᠷᠢᠬᠢᠨ ᠳᠤ ᠬᠠᠳᠠᠩᠰᠢᠭᠤᠯᠤᠨ ᠰᠡᠳᠬᠢᠯ ᠳᠤ ᠰᠠᠭᠤᠭᠳᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ | ᠪᠦᠲᠦᠮᠵᠢ ᠶᠢᠨ ᠬᠥᠮᠥᠵᠢᠭᠦᠯᠦᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ | ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠥᠯᠢᠭᠡᠷ ᠢ ᠰᠠᠶᠢᠲᠤᠷ ᠶᠠᠷᠢᠵᠤ᠂ ᠰᠤᠷᠤᠬᠴᠢᠳ ᠢ ᠬᠥᠲᠥᠯᠥᠨ ᠵᠢᠯᠤᠭᠤᠳᠴᠤ | ᠨᠠᠮ ᠤᠨ ᠰᠢᠨ᠎ᠡ ᠡᠭᠦᠳᠦᠭᠰᠡᠨ ᠣᠨᠣᠯ ᠤᠨ ᠦᠢᠯᠡᠳᠦᠯᠭᠡ ᠶᠢᠨ ᠠᠤᠭ᠎ᠠ ᠬᠦᠴᠦᠨ ᠢ ᠮᠡᠳᠡᠷᠡᠭᠦᠯᠬᠦ ᠬᠡᠷᠡᠭᠲᠡᠢ᠃ ︽ ᠦᠵᠡᠯ ᠰᠠᠨᠠᠭ᠎ᠠ ᠤᠯᠤᠰ ᠲᠥᠷᠥ ᠶᠢᠨ ᠬᠠᠮ | ᠬᠢᠴᠢᠶᠡᠯ ︾ ᠢᠶᠠᠷ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠥᠷᠭᠡᠳᠬᠡᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠵᠢᠭ ᠬᠢᠴᠢᠶᠡᠯ ᠤᠨ | ᠲᠠᠩᠬᠢᠮ ᠪᠠ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠤᠶᠠᠯᠳᠤᠭᠤᠯᠵᠤ᠂ ᠰᠤᠷᠤᠬᠴᠢᠳ ᠲᠤ ᠤᠯᠤᠰ ᠤᠨ ᠪᠠᠶᠢᠳᠠᠯ ᠠᠷᠠᠳ ᠤᠨ ᠪᠠᠶᠢᠳᠠᠯ ᠢ ᠨᠠᠩ ᠰᠠᠶᠢᠲᠤᠷ | ᠣᠶᠢᠯᠠᠭᠠᠭᠤᠯᠬᠤ ᠶᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠶᠡᠭᠡ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠬᠢᠴᠢᠶᠡᠯ ᠤᠨ ᠬᠠᠷᠠᠯᠲᠠ ᠶᠢ ᠠᠯᠬᠤᠮ ᠳᠠᠷᠠᠭ᠎ᠠ ᠲᠠᠢ ᠪᠠᠷ᠂ ᠱᠠᠲᠤ ᠱᠠᠲᠤ ᠪᠠᠷ ᠳᠡᠭᠡᠭᠰᠢᠯᠡᠭᠦᠯᠦᠨ ᠲᠥᠯᠥᠪᠯᠡᠵᠦ᠂ ᠰᠤᠷᠤᠬᠴᠢᠳ ᠤᠨ ᠦᠵᠡᠯ ᠰᠠᠨᠠᠭ᠎ᠠ᠂ | ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠰᠤᠷᠤᠬᠴᠢᠳ ᠢ ᠰᠣᠨᠣᠰᠬᠤ ᠳᠤᠷᠠᠲᠠᠢ ᠰᠤᠷᠤᠯᠴᠠᠬᠤ ᠳᠤᠷᠠᠲᠠᠢ ᠪᠤᠯᠭᠠᠵᠤ᠂ | ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠢᠭᠠᠨ ᠰᠤᠷᠭᠠᠯᠲᠠ ᠶᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠬᠰᠠᠨ ᠦᠨᠡᠯᠡᠯᠲᠡ ᠶᠢᠨ ᠰᠢᠰᠲ᠋ᠧᠮ ᠢ ᠪᠦᠷᠢᠨᠰᠢᠭᠦᠯᠵᠦ᠂ ᠪᠠᠭᠰᠢ ᠶᠢᠨ ᠪᠠᠶᠢᠷᠢ ᠰᠠᠭᠤᠷᠢ ᠪᠠ | ᠬᠥᠯᠥᠰᠦ ᠣᠯᠭᠤᠮᠵᠢ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ᠂ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ᠂ ᠪᠡᠭᠡᠵᠢᠩ ᠬᠤᠲᠠ᠂ ᠹᠦᠵᠢᠶᠠᠨ ᠮᠤᠵᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ | ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠴᠠᠩᠱᠠ ᠬᠤᠲᠠ ᠶᠢᠨ ᠢᠦᠢ ᠶᠢᠩ ᠪᠠᠭ᠎ᠠ ᠰᠤᠷᠭᠠᠭᠤᠯᠢ ᠶᠢᠨ | ᠬᠤᠯᠪᠣᠭᠳᠠᠯ ᠪᠦᠬᠦᠢ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠯᠢ ᠭᠠᠨ ᠵᠢᠶᠧ᠂ ᠯᠢ ᠱᠤ᠋ ᠯᠧᠢ ᠬᠤᠷᠠᠯ ᠳᠤ ᠣᠷᠣᠯᠴᠠᠪᠠ᠃ | ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ | ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠪᠠᠭᠰᠢ ᠨᠠᠷ ᠤᠨ | ᠲᠥᠯᠥᠭᠡᠯᠡᠭᠴᠢᠳ ᠬᠤᠷᠠᠯ ᠳᠤ ᠣᠷᠣᠯᠴᠠᠵᠠᠢ᠃ | ᠬᠤᠷᠠᠯ ᠠᠴᠠ ᠡᠮᠦᠨ᠎ᠡ᠂ ᠳ᠋ᠢᠩ ᠰᠢᠤᠸᠠᠢ ᠰᠢᠶᠠᠩ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠪᠡᠭᠡᠵᠢᠩ | ᠬᠤᠳᠠ ᠶᠢᠨ 159 ᠳ᠋ᠦ᠋ᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠦᠯᠵᠢᠶᠡᠨ | ᠳᠡᠭᠡᠷ᠎ᠡ ᠪᠠ ᠬᠢᠴᠢᠶᠡᠯ ᠤᠨ ᠲᠠᠩᠬᠢᠮ ᠳᠤ ᠬᠠᠮᠲᠤ ᠪᠠᠷ ᠬᠢᠴᠢᠶᠡᠯ ᠪᠡᠯᠡᠳᠬᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢ ᠰᠣᠨᠣᠰᠴᠤ᠂ ᠪᠠᠭᠰᠢ ᠪᠣᠯᠣᠨ ᠰᠤᠷᠤᠬᠴᠢᠳ ᠲᠠᠢ ᠰᠠᠨᠠᠯ ᠢᠶᠠᠨ ᠰᠣᠯᠢᠯᠴᠠᠪᠠ᠃ |