ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 14 ᠤ ᠡᠳᠦᠷ ᠪᠡᠭᠡᠵᠢᠩ ᠬᠤᠲᠠ ᠶᠢᠨ ᠶᠠᠨᠴᠢᠩ | ᠲᠣᠭᠤᠷᠢᠭ ᠤᠨ ᠪᠠ ᠳ᠋ᠠ ᠯᠢᠩ ᠪᠠᠯᠭᠠᠰᠤᠨ ᠤ ᠱᠢ ᠰᠢᠶᠠ ᠲᠣᠰᠬᠤᠨ ᠤ ᠨᠤᠲᠤᠭ ᠤᠨ ᠠᠬ᠎ᠠ ᠳᠡᠭᠦᠦ ᠨᠠᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠬᠠᠯᠠᠭᠤᠨ | ᠮᠡᠨᠳᠦᠴᠢᠯᠡᠯ ᠳᠡᠪᠰᠢᠭᠦᠯᠦᠭᠰᠡᠨ ᠪᠥᠭᠡᠳ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠳᠡᠭᠡᠷ ᠵᠢᠯ ᠤᠳ ᠲᠤ ᠲᠠ ᠨᠠᠷ ᠰᠠᠶᠢᠨ ᠳᠤᠷ᠎ᠠ ᠠᠴᠠ ᠪᠠᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠵᠤ᠂ | ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠪᠥᠭᠡᠳ ᠤᠷᠳᠤ ᠴᠠᠭᠠᠨ ᠬᠡᠷᠡᠮ ᠤᠨ ᠡᠬᠢ ᠪᠠᠶᠠᠯᠢᠭ ᠲᠤ ᠲᠦᠰᠢᠭᠯᠡᠨ ᠪᠠᠶᠠᠵᠢᠯ ᠤᠨ ᠵᠠᠮ ᠢᠶᠠᠷ | ᠵᠠᠮᠨᠠᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠡᠢ᠃ | ᠰᠢ ᠶᠢᠨ ᠫᠢᠩ᠂ ᠤᠷᠳᠤ ᠴᠠᠭᠠᠨ ᠬᠡᠷᠡᠮ ᠪᠣᠯ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ ᠶᠢᠨ ᠪᠣᠯᠪᠠᠰᠤᠨ ᠤ | ᠴᠢᠬᠤᠯᠠ ᠪᠡᠯᠭᠡ ᠲᠡᠮᠳᠡᠭ ᠮᠥᠨ᠃ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠠ | ᠤᠯᠠᠨ ᠢᠶᠠᠷ ᠢᠶᠠᠨ ᠵᠣᠷᠢᠭ ᠨᠢᠭᠡᠳᠴᠦ᠂ ᠨᠤᠭᠤᠷᠠᠰᠢ ᠦᠭᠡᠢ ᠪᠠᠲᠤ ᠴᠢᠩᠭ᠎ᠠ ᠤᠯᠤᠰ ᠢᠶᠠᠨ ᠬᠠᠶᠢᠷᠠᠯᠠᠬᠤ ᠰᠡᠳᠬᠢᠯᠭᠡ ᠰᠢᠩᠭᠡᠵᠦ ᠪᠤᠢ᠃ ᠡᠨᠡ ᠬᠦ ᠲᠡᠦᠬᠡ ᠰᠣᠶᠣᠯ ᠤᠨ | ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ | ᠤᠳᠠᠭᠠᠨ ᠳᠠᠭᠠᠭᠠᠮᠠᠭᠠᠢ ᠪᠠᠷ ᠵᠢᠳᠬᠦᠵᠦ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠲᠠᠢ ᠠᠳᠠᠯᠢ ᠪᠠᠷ ᠤᠷᠳᠤ ᠴᠠᠭᠠᠨ ᠬᠡᠷᠡᠮ ᠢᠶᠠᠨ ᠰᠠᠶᠢᠲᠤᠷ ᠰᠠᠬᠢᠨ ᠬᠠᠮᠠᠭᠠᠯᠠᠵᠤ᠂ | ᠤᠷᠳᠤ ᠴᠠᠭᠠᠨ ᠬᠡᠷᠡᠮ ᠤᠨ ᠰᠣᠶᠣᠯ ᠢ ᠪᠠᠳᠠᠷᠠᠭᠤᠯᠵᠤ᠂ ᠤᠷᠳᠤ ᠴᠠᠭᠠᠨ ᠬᠡᠷᠡᠮ ᠤᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠬᠥᠮᠥᠨ ᠢ ᠲᠠᠶᠢᠴᠢᠯᠠᠨ ᠤᠷᠳᠤ | ᠴᠠᠭᠠᠨ ᠬᠡᠷᠡᠮ ᠢ ᠣᠶᠢᠯᠠᠭᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ᠂ ᠡᠪᠦᠭᠡ ᠳᠡᠭᠡᠳᠦᠰ ᠤᠨ ᠦᠯᠡᠳᠡᠭᠡᠭᠰᠡᠨ ᠡᠨᠡ ᠬᠦ ᠬᠤᠪᠣᠷ ᠨᠠᠨᠳᠢᠨ ᠥᠪ ᠬᠥᠷᠥᠩᠭᠡ ᠶᠢ | ᠦᠶ᠎ᠡ ᠶᠢᠨ ᠦᠶ᠎ᠡ ᠳᠤ ᠤᠯᠠᠮᠵᠢᠯᠠᠵᠤ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠤᠷᠳᠤ ᠴᠠᠭᠠᠨ ᠬᠡᠷᠡᠮ ᠪᠣᠯ ᠮᠠᠨ ᠤ ᠤᠯᠤᠰ ᠤᠨ ᠤᠳᠤ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ ᠰᠣᠶᠣᠯ ᠤᠨ ᠥᠪ ᠮᠥᠨ᠃ 1984 ᠣᠨ ᠳᠤ᠂ ᠳ᠋ᠧᠩ | ᠰᠢᠶᠣᠣ ᠫᠢᠩ᠂ ᠰᠢ ᠵᠦᠩ ᠰᠢᠶᠦ᠋ᠨ ᠵᠡᠷᠭᠡ ᠤᠳᠤᠷᠢᠳᠬᠤ ᠨᠥᠬᠦᠳ ᠨᠡᠶᠢᠰᠯᠡᠯ ᠤᠨ ᠵᠠᠷᠢᠮ ᠨᠢᠭᠡᠴᠢ ᠶᠢᠨ ᠰᠠᠨᠠᠭᠠᠴᠢᠯᠠᠭᠰᠠᠨ ︽ᠳᠤᠮᠳᠠᠳᠤ ᠤᠯᠤᠰ ᠢᠶᠠᠨ | ᠬᠠᠶᠢᠷᠠᠯᠠᠵᠤ ᠤᠷᠳᠤ ᠴᠠᠭᠠᠨ ᠬᠡᠷᠡᠮ ᠢᠶᠠᠨ ᠰᠡᠷᠭᠦᠭᠡᠨ ᠵᠠᠰᠠᠰᠤᠭᠠᠢ︾ ᠭᠡᠬᠦ ᠠᠵᠢᠯᠯᠠᠭ᠎ᠠ ᠳᠤ ᠪᠢᠴᠢᠭᠡᠰᠦ ᠪᠢᠴᠢᠵᠦ ᠥᠭᠭᠦᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠷᠳᠤ ᠴᠠᠭᠠᠨ ᠬᠡᠷᠡᠮ ᠢ ᠬᠠᠮᠠᠭᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠣᠷᠳᠣ ᠴᠠᠭᠠᠨ ᠬᠡᠷᠡᠮ ᠤᠨ ᠰᠣᠶᠣᠯ ᠤᠨ ᠦᠨ᠎ᠡ ᠥᠷᠲᠡᠭ ᠢ ᠠᠭᠤᠳᠠᠯᠬᠤ ᠪᠠ | ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ | ᠵᠢᠭᠠᠪᠤᠷᠢ ᠥᠭᠴᠦ᠂ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠪᠠ᠃ | ᠣᠶᠢᠷ᠎ᠠ ᠶᠢᠨ ᠡᠳᠦᠷ᠂ ᠪᠡᠭᠡᠵᠢᠩ ᠬᠤᠳᠠ ᠶᠢᠨ ᠪᠠ ᠳ᠋ᠠ ᠯᠢᠩ ᠳᠠᠪᠠᠭ᠎ᠠ ᠶᠢᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠱᠢ ᠰᠢᠶᠠ ᠲᠣᠰᠬᠤᠨ ᠤ ᠠᠷᠠᠳ | ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠤᠷᠤᠯᠴᠠᠬᠰᠠᠨ ᠪᠠ | ᠲᠣᠰᠬᠤᠨ ᠤ ᠬᠥᠭᠵᠢᠯᠲᠡ ᠬᠤᠪᠢᠷᠠᠯᠲᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠦᠷᠭᠦᠯᠵᠢᠯᠡᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠬᠤ᠂ ᠤᠷᠳᠤ ᠴᠠᠭᠠᠨ | ᠬᠡᠷᠡᠮ ᠤᠨ ᠰᠣᠶᠣᠯ ᠢ ᠤᠯᠠᠮᠵᠢᠯᠠᠬᠤ ᠵᠣᠷᠢᠭ ᠢᠶᠠᠨ ᠢᠯᠡᠳᠬᠡᠵᠡᠢ᠃ |