ᠦᠬᠠᠶ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠦᠬᠠᠶ ᠬᠤᠲᠠ ᠶᠢᠨ ᠠᠩᠬᠠᠳᠠᠭᠴᠢ ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠᠲᠠᠶ ᠢᠯᠡᠷᠡᠭᠦᠯᠪᠡ
ᠨᠡᠶᠢᠲᠡᠯᠡᠭᠰᠡᠨ ᠴᠠᠭ᠄
2024/5/17
      5 ᠰᠠᠷ᠎ᠠ ᠶᠢᠨ 8 ᠤ ᠡᠳᠦᠷ᠂ ᠦᠬᠠᠶ ᠬᠤᠲᠠ ᠶᠢᠨ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠦᠬᠠᠶ ᠬᠤᠲᠠ ᠶᠢᠨ ᠠᠩᠬᠠᠳᠠᠭᠴᠢ ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠᠲᠠᠶ ᠢᠯᠡᠷᠡᠭᠦᠯᠵᠦ᠂ 1 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠵᠠᠭᠤ ᠭᠠᠷᠤᠶ ᠵᠢᠩ ᠠᠩᠨᠠᠵᠤ ᠱᠦᠭᠦᠭᠰᠡᠨ ᠵᠢᠭᠠᠰᠤ ᠶᠢ ᠪᠠᠶᠢᠴᠠᠭᠠᠨ ᠣᠯᠵᠤ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠤᠰᠤᠨ ᠳᠡᠭᠡᠷᠡᠬᠢ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠬᠦᠴᠦᠲᠡᠶ ᠬᠠᠮᠠᠭᠠᠯᠠᠪᠠ᠃
微信图片_20240516103247.jpg
    ︽ᠺᠦᠨᠯᠦ᠋ᠨ 2024︾ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠤᠳᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠠᠲᠤᠨ ᠭᠤᠤᠯ ᠤᠨ ᠦᠬᠠᠶ ᠶᠢᠨ ᠬᠡᠰᠡᠭ ᠲᠤ ᠦᠷᠭᠦᠯᠵᠢᠯᠡᠨ ᠲᠣᠭᠤᠷᠢᠨ ᠪᠠᠶᠢᠴᠠᠭᠠᠯᠲᠠ ᠬᠢᠪᠠ᠃ ᠠᠷᠠᠳ ᠤᠨ ᠴᠠᠭᠳᠠᠭ᠎ᠠ ᠰᠥᠨᠢ ᠪᠠᠷ ᠲᠣᠭᠤᠷᠢᠨ ᠪᠠᠶᠢᠴᠠᠭᠠᠬᠤ ᠳᠠᠭᠠᠨ ᠣᠯᠵᠤ ᠮᠡᠳᠡᠭᠰᠡᠨ ᠨᠢ᠂ ᠤᠯᠠᠭᠠᠨᠨᠠᠭᠤᠷ ᠪᠠᠯᠭᠠᠰᠤᠨ ᠤ ᠬᠠᠲᠤᠨ ᠭᠤᠤᠯ ᠤᠨ ᠣᠶᠢᠷ᠎ᠠ ᠬᠠᠪᠢ ᠳᠤ ᠨᠢᠭᠡ ᠪᠣᠷᠣ ᠥᠩᠭᠡ ᠲᠠᠢ ᠠᠶᠠᠨᠴᠢᠨ ᠤ ᠪᠠ ᠪᠠᠷᠠᠭᠠᠨ ᠤ ᠬᠤᠶᠠᠷ ᠬᠡᠷᠡᠭᠴᠡᠭᠡᠲᠦ ᠲᠡᠷᠭᠡ ᠣᠯᠠᠨᠲᠠ ᠢᠯᠡᠷᠡᠬᠦ ᠪᠥᠭᠡᠳ ᠣᠯᠠᠩᠬᠢ ᠳᠤ ᠪᠠᠨ ᠥᠷᠯᠥᠭᠡ ᠡᠷᠲᠡ ᠪᠠᠶᠢᠵᠤ᠂ ᠡᠨᠡ ᠬᠦ ᠪᠠᠶᠢᠳᠠᠯ ᠨᠢ ᠠᠷᠠᠳ ᠤᠨ ᠴᠠᠭᠳᠠᠭ᠎ᠠ ᠶᠢᠨ ᠠᠩᠬᠠᠷᠤᠯ ᠢ ᠲᠠᠲᠠᠭᠰᠠᠨ ᠪᠠᠶᠢᠨ᠎ᠠ᠃
微信图片_20240516103238.jpg
    5 ᠰᠠᠷ᠎ᠠ ᠶᠢᠨ 8 ᠤ ᠡᠳᠦᠷ ᠤᠨ ᠥᠷᠯᠥᠭᠡ᠂ ᠠᠷᠠᠳ ᠤᠨ ᠴᠠᠭᠳᠠᠭ᠎ᠠ 5 ᠴᠠᠭ ᠰᠠᠬᠢᠵᠤ ᠭᠡᠲᠡᠭᠰᠡᠨ ᠤ ᠳᠠᠷᠠᠭ᠎ᠠ᠂ ᠲᠤᠬᠠᠶ ᠶᠢᠨ ᠡᠳᠦᠷ ᠤᠨ 3 ᠴᠠᠭ ᠤᠨ ᠦᠶ᠎ᠡ ᠪᠠᠷ ᠶᠠᠯ᠎ᠠ ᠬᠢᠭᠰᠡᠨ ᠰᠡᠵᠢᠭᠳᠡᠨ ᠢ ᠪᠦᠬᠦᠨ ᠢ ᠪᠠᠷᠢᠪᠴᠢᠯᠠᠵᠤ᠂ ᠲᠤᠬᠠᠶ ᠶᠢᠨ ᠲᠠᠯᠠᠪᠤᠷ ᠲᠤ ᠴᠠᠬᠢᠯᠭᠠᠨ ᠯᠣᠩᠬᠤ᠂ ᠴᠠᠬᠢᠯᠭᠠᠨ ᠲᠣᠣᠷ ᠵᠡᠷᠭᠡ ᠬᠠᠤᠯᠢ ᠪᠤᠰᠤ ᠠᠩᠨᠠᠵᠤ ᠱᠦᠭᠦᠬᠦ ᠪᠠᠭᠠᠵᠢ᠂ ᠮᠥᠷᠭᠦ ᠵᠢᠭᠠᠰᠤ᠂ ᠠᠮᠤᠷ ᠵᠢᠭᠠᠰᠤ᠂ ᠦᠴᠠᠩ ᠵᠢᠭᠠᠰᠤ ᠵᠡᠷᠭᠡ ᠵᠠᠭᠤ ᠭᠠᠷᠤᠶ ᠵᠢᠩ ᠠᠩᠨᠠᠵᠤ ᠱᠦᠭᠦᠭᠰᠡᠨ ᠵᠢᠭᠠᠰᠤ ᠶᠢ ᠪᠠᠶᠢᠴᠠᠭᠠᠨ ᠣᠯᠵᠠᠢ᠃ ᠪᠣᠳᠠᠲᠤ  ᠭᠡᠷᠡᠴᠢ ᠶᠢᠨ ᠡᠮᠦᠨ᠎ᠡ᠂ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠬᠠᠲᠤᠨ ᠭᠤᠤᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠴᠠᠬᠢᠯᠭᠠᠨ ᠢᠶᠠᠷ  ᠴᠣᠬᠢᠬᠤ ᠠᠷᠭ᠎ᠠ ᠪᠠᠷ ᠬᠠᠤᠯᠢ ᠪᠤᠰᠤ ᠪᠠᠷ ᠠᠩᠨᠠᠵᠤ ᠱᠦᠭᠦᠭᠰᠡᠨ ᠪᠥᠭᠡᠳ 2 ᠲᠦᠮᠡ ᠭᠠᠷᠤᠶ ᠲᠥᠭᠦᠷᠢᠭ ᠤᠨ ᠠᠰᠢᠭ ᠣᠯᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢᠶᠠᠨ ᠮᠡᠳᠡᠷᠡᠵᠡᠶ᠃ ᠣᠳᠣᠬᠠᠨ ᠳᠤ ᠸᠠᠩ ᠣᠪᠣᠭᠲᠤ ᠶᠢ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃
微信图片_20240516103234.jpg
    ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠪᠣᠯ ᠵᠢᠯ ᠪᠦᠷᠢ ᠶᠢᠨ 4 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠠᠶᠢᠵᠤ᠂ ᠡᠨᠡ ᠬᠤᠭᠤᠴᠠᠭᠠᠨ ᠳᠤ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠡᠯ᠎ᠡ ᠴᠠᠭᠳᠠᠭᠠᠨ ᠤ ᠲᠥᠷᠥᠯ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠲᠠᠢ ᠬᠠᠮᠲᠤᠷᠠᠨ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠤᠰᠤ ᠪᠠᠷ ᠠᠩᠨᠠᠵᠤ ᠱᠦᠭᠦᠬᠦ ᠳᠤ ᠴᠣᠬᠢᠯᠲᠠ ᠥᠭᠬᠦ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠂ ᠤᠰᠤᠨ ᠳᠡᠭᠡᠷ᠎ᠡ᠂ ᠡᠷᠭᠢ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠴᠠᠭᠳᠠᠬᠤ ᠪᠠᠷ ᠳᠠᠮᠵᠢᠭᠤᠯᠤᠨ᠂ ᠬᠠᠤᠯᠢ ᠪᠤᠰᠤ ᠪᠠᠷ ᠠᠩᠨᠠᠵᠤ ᠱᠦᠭᠦᠬᠦ ᠦᠢᠯᠡ ᠠᠵᠢᠯᠯᠠᠭ᠎ᠠ ᠶᠢ ᠰᠦᠷᠳᠡᠭᠦᠯᠦᠨ᠎ᠡ᠃ ᠴᠠᠬᠢᠯᠭᠠᠨ ᠢᠶᠠᠷ ᠴᠣᠬᠢᠬᠤ᠂ ᠬᠤᠣᠷ ᠲᠠᠯᠪᠢᠬᠤ᠂ ᠳᠡᠯᠪᠡᠷᠡᠯᠲᠡ ᠪᠠᠷ ᠵᠢᠭᠠᠰᠤ ᠠᠯᠠᠬᠤ ᠪᠣᠯ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠡᠪᠳᠡᠭᠰᠡᠨ ᠬᠠᠤᠯᠢ ᠪᠤᠰᠤ ᠪᠠᠷ ᠠᠩᠨᠠᠵᠤ ᠱᠦᠭᠦᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠣᠭᠠᠴᠠᠭᠳᠠᠨ᠎ᠠ᠂ ᠡᠭᠦᠨ ᠢ ᠣᠯᠵᠤ ᠮᠡᠳᠡᠮᠡᠭᠴᠡ ᠠᠷᠠᠳ ᠤᠨ ᠴᠠᠭᠳᠠᠭ᠎ᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠡᠷᠡᠭᠦᠯ ᠮᠡᠨᠳᠦ ᠪᠠ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
Baidu
map