5 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠲᠥᠷᠥ ᠶᠢᠨ | ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠲᠣᠪᠴᠢ ᠮᠡᠳᠡᠭᠡᠯᠡᠯ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠲᠤᠯᠠᠨ | ᠲᠤᠰᠢᠶᠠᠬᠤ ᠠᠰᠠᠷ ᠤᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠲᠥᠬᠦᠷ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠠᠢ ᠬᠠᠮᠲᠤᠷᠠᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠲᠥᠰᠥᠯ ᠤᠳ ᠤᠨ ᠪᠠᠲᠤᠯᠠᠨ ᠲᠤᠰᠢᠶᠠᠬᠤ ᠠᠰᠠᠷ ᠤᠨ ᠰᠢᠪᠲᠤᠯᠤᠯᠲᠠ ᠶᠢᠨ | ᠠᠵᠢᠯ ᠤᠨ ᠲᠥᠰᠥᠯ ᠢ ᠨᠡᠶᠢᠲᠡᠯᠡᠨ᠂ ᠲᠥᠰᠥᠯ ᠤᠳ ᠤᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠴᠢᠨᠠᠷ ᠢ ᠪᠠᠲᠤᠯᠠᠨ ᠲᠤᠰᠢᠶᠠᠬᠤ ᠶᠢ ᠨᠢ ᠠᠬᠢᠭᠤᠯᠵᠤ᠂ | ᠰᠢᠯᠭᠠᠭᠠᠳ ᠬᠢᠷᠢ ᠲᠡᠩᠴᠡᠭᠰᠡᠨ ᠠᠰᠠᠷ ᠢ ᠭᠡᠷ᠎ᠡ ᠳᠤ ᠲᠣᠭᠲᠠᠭᠰᠠᠨ ᠬᠤᠭᠤᠴᠠᠭᠠᠨ ᠳᠤ ᠨᠢ ᠠᠷᠠᠳ ᠣᠯᠠᠨ ᠳᠤ ᠣᠯᠭᠤᠨ᠎ᠠ᠃ ᠳᠤᠮᠳᠠᠳᠤ ᠤᠯᠤᠰ ᠤᠨ ᠠᠷᠠᠳ ᠤᠨ | ᠪᠠᠩᠬᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠢ ᠳᠡᠮᠵᠢᠨ ᠵᠣᠬᠢᠰᠲᠠᠢ ᠦᠨ᠎ᠡ ᠪᠠᠷ ᠪᠠᠷᠢᠵᠤ ᠳᠠᠭᠤᠰᠬᠠᠭᠰᠠᠨ ᠴᠤ ᠬᠤᠳᠠᠯᠳᠤᠵᠤ ᠭᠠᠷᠤᠭ᠎ᠠ ᠦᠭᠡᠢ ᠲᠠᠸᠠᠷ ᠤᠨ | ᠣᠷᠣᠨ ᠰᠠᠭᠤᠴᠠ ᠨᠤᠭᠤᠳ ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠣᠯᠭᠠᠨ᠎ᠠ᠃ ᠣᠳᠣᠬᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠴᠤ ᠰᠤᠯᠠ ᠪᠠᠶᠢᠭ᠎ᠠ ᠭᠠᠵᠠᠷ ᠰᠢᠷᠣᠢ ᠶᠢ ᠵᠣᠬᠢᠰᠲᠠᠢ | ᠰᠢᠢᠳᠪᠦᠷᠢᠯᠡᠬᠦ᠂ ᠦᠯᠡᠳᠡᠭᠡᠯ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠪᠠᠷ ᠪᠡᠯᠡᠳᠬᠡᠵᠦ ᠪᠠᠶᠢᠨ᠎ᠠ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠢᠯᠡᠷᠬᠡᠶᠢᠯᠡᠬᠦ ᠳᠤ ᠪᠠᠨ᠂ ᠬᠤᠳᠠᠯᠳᠤᠭᠠᠨ ᠤ ᠪᠠᠩᠬᠢ ᠶᠢ ᠵᠢᠯᠤᠭᠤᠳᠬᠤ ᠪᠠᠷ | ᠳᠠᠮᠵᠢᠭᠤᠯᠤᠨ ᠬᠤᠲᠠ ᠶᠢᠨ ᠵᠣᠬᠢᠴᠠᠭᠤᠯᠬᠤ ᠲᠣᠭᠲᠠᠴᠠ ᠲᠠᠢ ᠢᠳᠡᠪᠬᠢᠲᠡᠢ ᠵᠣᠯᠭᠠᠭᠤᠯᠵᠤ᠂ ᠣᠳᠣᠬᠠᠨ ᠳᠤ ᠬᠤᠳᠠᠯᠳᠤᠭᠠᠨ ᠤ ᠪᠠᠩᠬᠢ ᠨᠢᠭᠡᠨᠲᠡ ᠳᠣᠲᠣᠭᠠᠳᠤ ᠶᠢᠨ | ᠬᠢᠨᠠᠨ ᠵᠥᠪᠰᠢᠶᠡᠷᠡᠬᠦ ᠶᠠᠪᠤᠴᠠ ᠪᠠᠷ ︽ᠴᠠᠭᠠᠨ ᠳᠠᠩᠰᠠ︾ ᠳᠠᠬᠢ ᠲᠥᠰᠥᠯ ᠤᠳ ᠤᠨ 9350 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢᠭᠡᠨᠲᠡ ᠬᠢᠨᠠᠨ | ᠵᠥᠪᠰᠢᠶᠡᠷᠡᠪᠡ ᠭᠡᠵᠡᠢ᠃ |