| 4 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 2024 ᠣᠨ ᠤ 12 ᠳ᠋ᠤᠭᠠᠷ ᠤᠳᠠᠭ᠎ᠠ ᠶᠢᠨ | ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ | ᠬᠤᠷᠠᠯ ᠢ ᠡᠷᠭᠢᠯᠡᠭᠰᠡᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | | | | ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ | ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ | ᠠᠷᠭ᠎ᠠ ᠬᠡᠮᠵᠢᠶ᠎ᠡ ᠮᠥᠨ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠨᠠᠮ ᠤᠨ ᠲᠥᠪ ᠬᠤᠷᠢᠶ᠎ᠠ ᠠᠴᠠ ᠵᠢᠭᠠᠵᠤ ᠭᠠᠷᠭᠠᠭᠰᠠᠨ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ | ᠰᠠᠨᠠᠭᠠᠨ ᠳᠤ ᠪᠠᠨ ᠠᠪᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠠᠰᠠᠭᠤᠳᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠠᠷᠢᠯᠢᠬᠵᠢᠭᠤᠯᠤᠭᠰᠠᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠴᠢᠩᠭ᠎ᠠ ᠪᠢᠰᠢ ᠵᠡᠷᠭᠡ ᠵᠢᠷᠭᠤᠭᠠᠨ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ | ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ | ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠲᠦᠷᠢᠮ ᠲᠣᠭᠲᠠᠭᠠᠯ ᠳᠠᠷᠠᠭᠠᠯᠠᠨ ᠰᠤᠷᠤᠯᠴᠠᠬᠤ | ᠪᠠ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠭᠤᠯᠢᠯᠠᠯ ᠢᠶᠠᠷ ᠰᠤᠷᠤᠯᠴᠠᠯᠭ᠎ᠠ ᠶᠢ | ᠲᠡᠳᠬᠦᠬᠦ ᠠᠵᠢᠯ ᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠨᠡᠮᠡᠭᠳᠡᠭᠦᠯᠬᠦ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠷᠢᠨ ᠨᠢᠮᠪᠠᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠳᠤᠰ ᠱᠠᠳᠤ ᠪᠠᠨ ᠰᠠᠶᠢᠲᠤᠷ ᠠᠳᠬᠤᠬᠤ ᠬᠡᠷᠡᠭᠲᠡᠢ | ᠪᠥᠭᠡᠳ ᠳᠤᠤᠷᠠᠳᠤ ᠱᠠᠳᠤ ᠪᠠᠨ ᠰᠠᠶᠢᠲᠤᠷ ᠵᠢᠯᠣᠭᠤᠳᠴᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠶᠢ | ᠳᠠᠮᠵᠢᠭᠤᠯᠬᠤ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ | ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ | ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠪᠠ ᠵᠢᠷᠤᠮᠯᠠᠵᠤ᠂ ᠲᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠤ ᠪᠠᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ | ᠱᠠᠭᠠᠷᠳᠠᠪᠠ᠃ | |