| ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠣᠷᠤᠬᠤᠰᠢᠭᠤ ᠲᠣᠮᠢᠯᠠᠭᠰᠠᠨ ᠰᠠᠯᠪᠤᠷᠢ ᠬᠤᠪᠢᠶᠠᠷᠢ | ᠲᠣᠪᠴᠢᠶ᠎ᠠ ᠶᠢᠨ ᠴᠢᠮᠡᠭᠡ ᠮᠡᠳᠡᠭᠡ ᠵᠢᠯᠤᠭᠤᠳᠬᠤ ᠲᠥᠪ ᠤᠨ ᠮᠡᠬᠡᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠲᠠᠢ ᠬᠠᠮᠲᠤᠷᠠᠨ | ᠪᠤᠷᠤᠬᠤᠰᠢᠭᠤ ᠲᠣᠰᠬᠤᠨ ᠤ ᠨᠠᠰᠤᠲᠠᠨ ᠤ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠬᠤᠪᠢᠶᠠᠷᠢ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠣᠳᠣᠬᠠᠨ ᠤ | ᠨᠠᠰᠤᠵᠢᠯ ᠤᠨ ᠮᠡᠬᠡᠯᠡᠯ ᠤᠨ ᠬᠡᠷᠡᠭ ᠤᠨ ᠣᠨᠴᠠᠯᠢᠭ ᠲᠤ ᠴᠢᠭᠯᠡᠭᠦᠯᠦᠨ᠂ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠠᠷᠭ᠎ᠠ | ᠮᠠᠶ᠋ᠢᠭ ᠢᠶᠠᠷ ᠨᠠᠰᠤᠲᠠᠶᠢᠴᠤᠳ ᠲᠤ ᠦᠷᠭᠦᠯᠵᠢ ᠬᠡᠷᠡᠭᠯᠡᠳᠡᠭ ᠮᠡᠬᠡᠯᠡᠯ ᠤᠨ ᠠᠷᠭ᠎ᠠ ᠪᠠᠷᠢᠯ ᠢ ᠤᠬᠠᠭᠤᠯᠵᠤ᠂ ᠶᠠᠯᠠᠲᠤ ᠡᠲᠡᠭᠡᠳ ᠤᠨ ᠨᠠᠰᠤᠵᠢᠯ ᠤᠨ ᠮᠡᠬᠡᠯᠡᠯ ᠤᠨ ᠠᠷᠭ᠎ᠠ | ᠪᠠᠷᠢᠯ ᠢ ᠬᠡᠷᠬᠢᠨ ᠰᠡᠷᠭᠡᠶᠢᠯᠡᠬᠦ ᠲᠤᠬᠠᠶ ᠭᠦᠨᠵᠡᠭᠡᠶ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠬᠡᠷᠬᠢᠨ | ᠰᠡᠷᠭᠡᠶᠢᠯᠡᠬᠦ ᠲᠤᠬᠠᠶ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠤᠪᠢ | ᠬᠥᠮᠦᠨ ᠤ ᠮᠠᠲ᠋ᠧᠷᠢᠶᠠᠯ ᠢᠶᠠᠨ ᠠᠮᠠᠷᠬᠠᠨ ᠵᠠᠳᠠᠷᠠᠭᠤᠯᠬᠤ ᠥᠬᠡᠶ᠂ ᠢᠷᠡᠯᠲᠡ ᠨᠢ ᠲᠣᠳᠣᠷᠬᠠᠶ ᠥᠬᠡᠶ ᠤᠲᠠᠰᠤ ᠪᠠ ᠣᠬᠤᠷ ᠮᠡᠳᠡᠭᠡ ᠶᠢ ᠠᠮᠠᠷᠬᠠᠨ ᠢᠲᠡᠭᠡᠬᠦ ᠥᠬᠡᠶ᠂ | ᠲᠠᠨᠢᠬᠤ ᠥᠬᠡᠶ ᠬᠥᠮᠦᠨ ᠳᠤ ᠵᠣᠭᠤᠰ ᠭᠤᠪᠢᠭᠤᠯᠬᠤ᠂ ᠲᠠᠩᠰᠠ ᠰᠢᠯᠵᠢᠭᠦᠯᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠶ ᠭᠡᠵᠦ | ᠰᠠᠨᠠᠭᠤᠯᠪᠠ᠃ ᠥᠪᠡᠷ ᠤᠨ ᠪᠡᠶ᠎ᠡ ᠪᠤᠶᠤ ᠭᠡᠷ ᠤᠨ ᠬᠥᠮᠦᠰ ᠨᠢ ᠮᠡᠬᠡᠯᠡᠭᠳᠡᠭᠰᠡᠨ ᠪᠠᠶᠢᠳᠠᠯ ᠳᠤ ᠤᠴᠠᠷᠠᠪᠠᠯ᠂ ᠲᠡᠷᠡ ᠳᠠᠷᠤᠶ ᠳᠤ ᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠬᠡᠷᠡᠭ ᠮᠡᠳᠡᠭᠦᠯᠦᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠷᠠᠳ ᠤᠨ ᠴᠠᠭᠳᠠᠭ᠎ᠠ ᠨᠠᠰᠤᠲᠠᠶᠢᠴᠤᠳ ᠲᠤ ᠨᠢᠭᠡᠳ ᠨᠢᠭᠡ ᠪᠠᠷ ᠤᠯᠤᠰ ᠤᠨ | ᠮᠡᠬᠡᠯᠡᠯ ᠢ ᠡᠰᠡᠷᠭᠦᠴᠡᠬᠦ ᠲᠥᠪ ᠤᠨ APP ᠶᠢ ᠤᠭᠰᠠᠷᠠᠵᠤ ᠥᠭᠪᠡ᠃ | | | | ᠲᠠᠷᠠᠭᠠᠴᠢ ᠶᠢᠨ ᠠᠯᠬᠤᠮ ᠳᠤ᠂ ᠪᠤᠷᠤᠬᠤᠰᠢᠭᠤ ᠲᠣᠮᠢᠯᠠᠭᠰᠠᠨ ᠰᠠᠯᠪᠤᠷᠢ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ | ᠪᠠᠲᠤᠲᠠᠶ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠬᠤᠷᠢᠭᠯᠠᠬᠤ ︽ᠦᠯᠦ ᠬᠠᠯᠳᠠᠭᠠᠬᠤ ᠴᠢᠳᠠᠪᠤᠷᠢ︾ ᠶᠢ | ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠶ ᠴᠢᠨᠠᠷ | ᠪᠠ ᠬᠤᠤᠷ ᠬᠥᠨᠥᠭᠡᠯᠲᠦ ᠴᠢᠨᠠᠷ ᠢ ᠭᠦᠨᠵᠡᠭᠡᠶ ᠲᠠᠨᠢᠭᠤᠯᠵᠤ᠂ ᠣᠯᠠᠨ ᠲᠦᠮᠡᠨ ᠤ ︽ᠵᠣᠭᠤᠰᠣᠨ ᠴᠥᠩᠬᠦ︾ ᠶᠢ ᠦᠨᠡᠨ ᠬᠦ ᠬᠠᠮᠠᠭᠠᠯᠠᠨ᠎ᠠ᠃ | |