ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠲᠥᠪ ᠤᠨ ᠪᠠᠶᠢᠭᠤᠯᠤᠮᠵᠢ ᠶᠢᠨ ᠣᠷᠣᠨ | ᠲᠣᠭᠠᠨ ᠤ ᠵᠥᠪᠯᠡᠯ ᠤᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠭᠰᠠᠨ | ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠣᠶᠢᠷ᠎ᠠ ᠳᠤ ᠳᠠᠷᠤᠮᠠᠯᠯᠠᠨ | ᠲᠠᠷᠬᠠᠭᠠᠪᠠ᠃ ᠲᠣᠭᠲᠠᠭᠠᠯ ᠳᠤ ᠱᠠᠭᠠᠷᠳᠠᠭᠰᠠᠨ ᠨᠢ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢ ᠪᠠᠶᠢᠭᠤᠯᠵᠤ ᠠᠵᠢᠯᠯᠠᠭᠤᠯᠬᠤ ᠳᠤ | ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠤᠯᠤᠰ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ | ᠶᠣᠰᠣᠭᠠᠷ᠂ ᠮᠡᠷᠭᠡᠵᠢᠯ ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠭᠤᠯᠭ᠎ᠠ ᠶᠢ ᠥᠭᠡᠷᠡᠲᠦᠭᠦᠯᠬᠦ᠂ ᠳᠠᠭᠠᠷᠢᠯᠲᠠ ᠬᠢᠵᠦ | ᠲᠠᠮᠪᠠᠷᠠᠭᠤᠯᠬᠤ᠂ ᠳ᠋ᠠᠶᠢᠲ᠋ᠠ ᠶᠢ ᠬᠤᠯᠠᠭᠠᠶᠢᠯᠠᠬᠤ ᠵᠡᠷᠭᠡ ᠲᠦᠭᠰᠢᠭᠦᠷᠢ ᠠᠴᠠ ᠰᠡᠷᠭᠡᠶᠢᠯᠡᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ | ᠲᠣᠭᠲᠠᠭᠤᠨ ᠢᠶᠠᠷ ᠠᠵᠢᠯᠯᠠᠬᠤ ᠪᠠ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃ | ᠲᠣᠭᠲᠠᠭᠠᠯ ᠨᠢ ᠨᠡᠶᠢᠲᠡ 8 ᠪᠦᠯᠦᠭ ᠲᠠᠢ᠂ ᠡᠭᠦᠨ ᠳᠤ ᠶᠡᠷᠦᠩᠬᠡᠢ ᠳᠦᠷᠢᠮ᠂ ᠨᠡᠭᠡᠭᠡᠨ ᠡᠷᠭᠢᠯᠡᠬᠦ ᠪᠠ ᠪᠠᠶᠢᠭᠤᠯᠬᠤ᠂ ᠮᠡᠳᠡᠭᠡ ᠵᠠᠩᠭᠢ ᠶᠢᠨ ᠠᠮᠤᠷ ᠲᠦᠪᠰᠢᠨ᠂ | ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ᠂ ᠢᠮᠧᠯ ᠤᠨ ᠠᠮᠤᠷ ᠲᠦᠪᠰᠢᠨ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ᠂ ᠬᠢᠨᠠᠨ ᠬᠠᠮᠢᠶᠠᠷᠬᠤ ᠵᠢᠴᠢ ᠳᠠᠭᠠᠯᠳᠤᠭᠤᠯᠤᠯ ᠳᠦᠷᠢᠮ ᠪᠠᠭᠲᠠᠨ᠎ᠠ᠃ | ᠲᠣᠭᠲᠠᠭᠠᠯ ᠳᠤ᠂ ᠨᠢᠭᠡ ᠨᠠᠮ ᠵᠠᠰᠠᠭ ᠤᠨ ᠪᠠᠶᠢᠭᠤᠯᠭ᠎ᠠ ᠬᠠᠮᠤᠭ ᠤᠨ ᠠᠷᠪᠢᠨ ᠳᠤ ᠪᠠᠨ ᠨᠢᠭᠡ ᠫᠣᠷᠲ᠋ᠧᠯ ᠰᠦᠯᠵᠢᠶ᠎ᠡ ᠪᠠᠶᠢᠭᠤᠯᠤᠨ᠎ᠠ᠃ ᠢᠨᠲ᠋ᠧᠷ ᠰᠦᠯᠵᠢᠶᠡᠨ ᠤ | ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠨᠡᠷᠡᠶᠢᠳᠦᠯ ᠳᠤ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ᠂ ᠵᠢᠷᠤᠮᠵᠢᠭᠰᠠᠨ ᠲᠣᠪᠴᠢ ᠨᠡᠷᠡᠶᠢᠳᠦᠯ ᠢ | ᠤᠷᠢᠳ ᠢᠶᠠᠷ ᠬᠡᠷᠡᠭᠯᠡᠵᠦ᠂ ᠪᠤᠰᠤᠳ ᠨᠡᠷᠡᠶᠢᠳᠦᠯ ᠢ ᠬᠡᠷᠡᠭᠯᠡᠪᠡᠯ᠂ ᠵᠠᠷᠴᠢᠮ ᠳᠡᠭᠡᠷ᠎ᠡ ᠪᠠᠨ ᠣᠷᠣᠨ ᠪᠦᠰᠡ ᠶᠢᠨ ᠨᠡᠷ᠎ᠡ ᠳᠡᠭᠡᠷ᠎ᠡ ᠡᠭᠦᠷᠭᠡ ᠬᠠᠷᠢᠭᠤᠴᠠᠯᠭ᠎ᠠ ᠶᠢᠨ ᠨᠡᠷ᠎ᠡ ᠶᠢ | ᠨᠡᠮᠡᠭᠰᠡᠨ ᠨᠡᠷᠡᠶᠢᠳᠬᠦ ᠠᠷᠭ᠎ᠠ ᠮᠠᠶ᠋ᠢᠭ ᠢ ᠠᠪᠬᠤ ᠶᠢᠨ ᠬᠠᠮᠲᠤ᠂ ᠢᠯᠡᠷᠬᠡᠢ ᠣᠷᠣᠨ ᠪᠠᠶᠢᠷᠢ ᠳᠤ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ ᠢ | ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠵᠠᠢ᠃ | ᠲᠣᠭᠲᠠᠭᠠᠯ ᠳᠤ ᠵᠢᠭᠠᠵᠤ ᠭᠠᠷᠭᠠᠭᠰᠠᠨ ᠨᠢ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠠᠮᠤᠷ ᠲᠦᠪᠰᠢᠨ ᠨᠢᠭᠤᠴᠠ ᠶᠢ ᠬᠠᠮᠠᠭᠠᠯᠠᠵᠤ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠴᠤ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠨ᠂ ᠢᠨᠲ᠋ᠧᠷ ᠰᠦᠯᠵᠢᠶᠡᠨ ᠤ ᠵᠠᠰᠠᠭ ᠤᠨ | ᠶᠠᠪᠤᠳᠠᠯ ᠤᠨ ᠬᠡᠷᠡᠭᠯᠡᠯᠲᠡ ᠶᠢᠨ ᠳ᠋ᠠᠶᠢᠲ᠋ᠠ ᠶᠢᠨ ᠴᠤᠭᠯᠠᠷᠠᠯ᠂ ᠬᠤᠯᠪᠣᠭ᠎ᠠ ᠠᠴᠠ ᠪᠣᠯᠤᠭᠰᠠᠨ ᠨᠢᠭᠤᠴᠠ ᠶᠢ ᠵᠠᠳᠠᠷᠠᠭᠤᠯᠬᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ | ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠵᠢᠯ ᠤᠨ ᠨᠢᠭᠤᠴᠠ ᠶᠢ ᠬᠠᠳᠠᠭᠠᠯᠠᠬᠤ᠂ ᠰᠢᠢᠳᠪᠦᠷᠢᠯᠡᠬᠦ᠂ ᠳᠠᠮᠵᠢᠭᠤᠯᠬᠤ ᠶᠠᠪᠤᠴᠠ ᠳᠠᠬᠢ | ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃ | ᠲᠣᠭᠲᠠᠭᠠᠯ ᠢ ᠦᠨᠳᠦᠰᠦᠯᠡᠪᠡᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠨᠢ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ | ᠲᠦᠪᠰᠢᠨ ᠢ ᠬᠢᠨᠠᠨ ᠰᠢᠨᠵᠢᠬᠦ ᠴᠢᠳᠠᠪᠤᠷᠢ ᠪᠠᠨ ᠪᠠᠶᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠵᠢᠯᠯᠠᠭᠠᠨ ᠤ | ᠪᠠᠶᠢᠳᠠᠯ ᠪᠠ ᠰᠦᠯᠵᠢᠶᠡᠨ ᠤ ᠠᠮᠤᠷ ᠲᠦᠪᠰᠢᠨ ᠤ ᠬᠡᠷᠡᠭ ᠤᠨ ᠪᠠᠶᠢᠳᠠᠯ ᠢ ᠲᠤᠬᠠᠢ ᠶᠢᠨ ᠴᠠᠭ ᠲᠤ ᠨᠢ ᠬᠢᠨᠠᠨ ᠰᠢᠨᠵᠢᠬᠦ ᠬᠡᠷᠡᠭᠲᠡᠢ᠃ | ᠲᠣᠭᠲᠠᠭᠠᠯ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |