ᠰᠢᠨᠬᠤᠸᠠ ᠬᠤᠷᠢᠶ᠎ᠠ ᠶᠢᠨ ᠵᠢᠨᠠᠨ ᠤ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 23 ᠤ ᠦᠳᠡ ᠶᠢᠨ ᠬᠤᠶᠢᠨ᠎ᠠ ᠱᠠᠨᠳᠦ᠋ᠩ | ᠮᠤᠵᠢ ᠶᠢᠨ ᠵᠢᠨᠠᠨ ᠬᠤᠳᠠ ᠳᠤ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠠᠤᠭ᠎ᠠ ᠶᠡᠭᠡ ᠠᠯᠤᠰ ᠤᠨ ᠲᠥᠰᠥᠪ ᠢ ᠵᠢᠷᠤᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠭᠤᠣᠯ | ᠰᠡᠳᠦᠪ ᠢ ᠴᠢᠩᠭ᠎ᠠ ᠡᠵᠡᠮᠳᠡᠵᠦ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠤᠪᠤᠶᠢᠯᠭᠠᠵᠤ᠂ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ᠂ ᠠᠷᠭ᠎ᠠ ᠭᠡᠯᠪᠡᠷᠢ | ᠠᠷᠭ᠎ᠠ ᠬᠡᠮᠵᠢᠶ᠎ᠡ ᠶᠢ ᠡᠷᠬᠢᠮᠯᠡᠵᠦ᠂ ᠭᠤᠣᠯ ᠡᠭᠦᠷᠭᠡ ᠶᠢ ᠪᠡᠶᠡᠯᠡᠭᠦᠯᠬᠦ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | | 5 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠨᠳᠦ᠋ᠩ ᠮᠤᠵᠢ ᠶᠢᠨ ᠵᠢᠨᠠᠨ ᠬᠤᠳᠠ ᠳᠤ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠠᠢ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠴᠠᠭᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠮᠢᠩ ᠱᠧᠩ᠂ ᠱᠧᠨᠵᠧᠨ ᠬᠤᠳᠠ ᠶᠢᠨ ᠰᠢᠨ᠎ᠡ ᠶᠢ ᠡᠭᠦᠳᠬᠦ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠽᠦᠸᠧ ᠳ᠋ᠢᠩ᠂ ᠠᠨ ᠲᠠ | ᠪᠡᠶ᠎ᠡ ᠶᠢᠨ ᠲᠠᠮᠢᠷ ᠤᠨ ᠬᠡᠷᠡᠭᠰᠡᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠱᠢ ᠵᠦᠩ᠂ ᠵᠧᠵᠢᠶᠠᠩ ᠤᠨ ᠴᠤᠸᠠᠨ | ᠬᠤᠸᠠ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠭᠤᠸᠠᠨ ᠵᠢᠦᠢ᠂ ᠭᠧᠷᠮᠠᠨ ᠤ ᠪᠦᠸᠧ ᠱᠢ ︵ ᠲᠤᠮᠳᠠᠳᠤ ᠤᠯᠤᠰ ︶ | ᠪᠡᠯᠡ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠰᠢᠦᠢ ᠳ᠋ᠠ ᠴᠢᠤᠸᠠᠨ᠂ ᠰᠢᠶᠠᠩᠭᠠᠩ ᠤᠨ ᠹᠧᠩ ᠣᠪᠣᠭᠲᠤ ᠶᠢᠨ ᠪᠦᠯᠦᠭᠯᠡᠯ ᠤᠨ | ᠲᠡᠷᠢᠭᠦᠯᠡᠭᠴᠢ ᠹᠧᠩ ᠭᠦᠸᠧ ᠵᠢᠩ᠂ ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠫᠷᠤᠹᠧᠰᠰᠤᠷ ᠵᠧᠦ ᠴᠢ | ᠷᠧᠨ᠂ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠤᠸᠠᠩ ᠬᠠᠨ ᠴᠢᠤᠸᠠᠨ᠂ ᠳᠤᠮᠳᠠᠳᠤ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠯᠡᠬᠡᠢ ᠶᠢᠨ ᠠᠵᠤ ᠠᠬᠤᠢ ᠪᠣᠯᠣᠨ ᠤᠯᠤᠰ ᠲᠦᠷᠦ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠵᠠᠩ | ᠪᠢᠨ ᠵᠡᠷᠭᠡ 9 ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠴᠠᠭᠢᠯᠭᠠᠨ ᠬᠦᠴᠦᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢᠨ ᠲᠦᠭᠰᠢᠭᠦᠷᠢᠳᠤ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠬᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠶᠠᠩᠭᠠᠩ ᠤᠨ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ᠂ ᠤᠯᠠᠨ ᠲᠦᠮᠡᠨ ᠤ ᠥᠭᠡᠷᠡᠴᠢᠯᠡᠯᠲᠡ ᠶᠢᠨ ᠬᠦᠷᠲᠡᠮᠵᠢ ᠶᠢᠨ | ᠲᠥᠷᠥᠭᠳᠡᠯ ᠢ ᠨᠡᠮᠡᠭᠳᠡᠭᠦᠯᠬᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠦᠭᠡ ᠬᠡᠯᠡᠬᠦ ᠶᠠᠪᠤᠴᠠ ᠳᠤ᠂ ᠰᠢ ᠶᠢᠨ ᠫᠢᠩ ᠤᠯᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠯ᠎ᠠ᠃ | ᠤᠯᠠᠨ ᠤ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠴᠥᠮ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ | ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠳᠠᠭ᠂ ᠡᠨᠡ ᠪᠣᠯ ᠮᠠᠨ ᠤ ᠨᠠᠮ ᠤᠨ ᠢᠮᠠᠭᠲᠠ ᠶᠢᠨ ᠠᠷᠭ᠎ᠠ ᠬᠢᠳᠡᠯ ᠪᠠ ᠰᠢᠯᠢᠳᠡᠭ ᠤᠯᠠᠮᠵᠢᠯᠠᠯ ᠪᠣᠯᠣᠨ᠎ᠠ᠃ | ᠤᠯᠠᠨ ᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠨᠠᠯ ᠰᠠᠨᠠᠭᠤᠯᠭ᠎ᠠ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ | ᠨᠠᠷᠢᠨ ᠬᠢᠨᠠᠮᠠᠭᠠᠢ ᠰᠤᠳᠤᠯᠵᠤ ᠰᠢᠩᠭᠡᠬᠡᠨ ᠠᠪᠬᠤ ᠬᠡᠷᠡᠭᠲᠡᠢ ᠭᠡᠵᠦ ᠢᠯᠡᠳᠬᠡᠪᠡ᠃ | ᠰᠢ ᠶᠢᠨ ᠫᠢᠩ᠂ ᠥᠭᠡᠷᠡᠴᠢᠯᠡᠯᠲᠡ ᠪᠣᠯ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠶᠡᠷᠦᠩᠬᠡᠢ ᠬᠠᠷᠠᠯᠲᠠ ᠶᠢ ᠴᠢᠩᠭ᠎ᠠ ᠡᠵᠡᠮᠳᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠴᠢᠩᠭ᠎ᠠ ᠡᠵᠡᠮᠳᠡᠵᠦ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠠᠩᠬᠠᠷᠤᠨ ᠵᠠᠯᠠᠷᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠪᠠᠶᠢᠭᠤᠯᠤᠮᠵᠢ ᠲᠣᠭᠲᠠᠴᠠ ᠶᠢᠨ ᠭᠡᠮ | ᠰᠣᠭᠤᠭ ᠢ ᠡᠷᠡᠰ ᠠᠷᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ | ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ | ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠭᠤᠣᠯ ᠵᠥᠷᠢᠴᠡᠯ ᠪᠣᠯᠣᠨ ᠵᠥᠷᠢᠴᠡᠯ ᠤᠨ ᠭᠤᠣᠯ ᠲᠠᠯ᠎ᠠ ᠶᠢ | ᠠᠳᠬᠤᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ ᠪᠠᠷᠢᠮᠲᠠᠯᠠᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ᠂ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠵᠡᠷᠭᠡ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠨᠠᠭᠰᠢᠳᠠ ᠴᠢᠯᠦᠭᠡᠯᠡᠨ | ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠦᠢᠯᠡᠳᠪᠦᠷᠢᠯᠡᠯ ᠤᠨ ᠬᠠᠷᠢᠴᠠᠭ᠎ᠠ ᠪᠣᠯᠣᠨ ᠦᠢᠯᠡᠳᠪᠦᠷᠢᠯᠡᠯ ᠤᠨ ᠬᠦᠴᠦᠨ᠂ ᠳᠡᠭᠡᠳᠦ | ᠳᠠᠪᠬᠤᠷᠭ᠎ᠠ ᠪᠣᠯᠣᠨ ᠠᠵᠤ ᠠᠬᠤᠢ ᠶᠢᠨ ᠰᠠᠭᠤᠷᠢ ᠶᠢᠨ ᠨᠡᠩ ᠰᠠᠶᠢᠨ ᠵᠣᠬᠢᠴᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠠᠬᠢᠭᠤᠯᠬᠤ ᠳᠤ ᠪᠣᠳᠠᠲᠤ ᠬᠡᠷᠡᠭᠴᠡᠭᠡ ᠠᠴᠠ ᠡᠭᠦᠰᠴᠦ᠂ ᠬᠠᠮᠤᠭ ᠤᠨ ᠲᠤᠯᠭᠠᠮ ᠶᠠᠪᠤᠳᠠᠯ ᠠᠴᠠ ᠡᠬᠢᠯᠡᠨ ᠠᠳᠬᠤᠵᠤ᠂ ᠦᠢᠯᠡᠳᠦᠯᠭᠡ ᠶᠢᠨ | ᠠᠰᠠᠭᠤᠳᠠᠯ ᠢ ᠰᠢᠢᠳᠪᠦᠷᠢᠯᠡᠬᠦ ᠳᠤᠮᠳᠠ ᠤᠨᠤᠯ ᠤᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠵᠦ᠂ ᠳᠦᠷᠢᠮ ᠤᠨ ᠰᠢᠨ᠎ᠡ ᠡᠭᠦᠳᠦᠯᠲᠡ ᠶᠢ ᠠᠬᠢᠭᠤᠯᠬᠤ ᠬᠡᠷᠡᠭᠲᠡᠢ᠃ | ᠪᠤᠰᠤᠳ ᠬᠦᠷᠢᠶᠡᠨ ᠤ ᠥᠭᠡᠷᠡᠴᠢᠯᠡᠯᠲᠡ ᠴᠦ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠥᠯᠥᠪᠯᠡᠵᠦ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠳᠠᠭᠠᠯᠳᠤᠨ ᠰᠢᠢᠳᠪᠦᠷᠢᠯᠡᠭᠳᠡᠬᠦ ᠶᠢ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠂ | ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠶᠢᠨ | ᠲᠥᠯᠥᠭᠡ ᠶᠤᠮ᠃ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠠᠴᠠ | ᠡᠭᠦᠰᠴᠦ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠵᠢᠯ | ᠣᠯᠭᠤᠯᠲᠠ᠂ ᠣᠷᠣᠯᠭ᠎ᠠ ᠶᠢ ᠨᠡᠮᠡᠭᠳᠡᠭᠦᠯᠬᠦ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠭᠦ᠂ ᠣᠷᠣᠨ ᠰᠠᠭᠤᠴᠠ᠂ ᠠᠵᠢᠯ ᠶᠠᠪᠤᠳᠠᠯ ᠡᠷᠭᠢᠯᠡᠭᠦ᠂ ᠬᠡᠦᠬᠡᠳ | ᠰᠠᠭᠠᠲᠠᠭᠤᠯᠬᠤ ᠨᠠᠰᠤᠵᠢᠯ ᠤᠨ ᠠᠰᠠᠷᠠᠮᠵᠢ ᠵᠢᠴᠢ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠤᠯᠠᠨ ᠲᠦᠮᠡᠨ ᠤ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ | ᠴᠢᠬᠤᠯᠠᠴᠢᠯᠠᠵᠤ᠂ ᠠᠷᠠᠳ ᠤᠨ ᠠᠮᠢᠳᠤᠷᠠᠯ ᠳᠤ ᠪᠠᠴᠢᠮ ᠬᠡᠷᠡᠭᠰᠡᠬᠦ᠂ ᠠᠷᠠᠳ ᠤᠨ ᠬᠦᠰᠡᠵᠦ ᠪᠤᠳᠤᠵᠤ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠢᠯᠡᠭᠦᠬᠡᠨ ᠭᠠᠷᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ | ᠪᠣᠳᠠᠲᠤ ᠶᠠᠪᠤᠳᠠᠯ ᠢ ᠢᠯᠡᠭᠦᠬᠡᠨ ᠬᠢᠵᠦ᠂ ᠥᠭᠡᠷᠡᠴᠢᠯᠡᠯᠲᠡ ᠪᠠᠷ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠣᠯᠭᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠳᠤ ᠡᠪᠳᠡᠬᠦ ᠪᠠᠶᠢᠭᠤᠯᠬᠤ ᠶᠠᠪᠤᠳᠠᠯ ᠪᠦᠷ ᠪᠠᠶᠢᠵᠤ᠂ ᠵᠢᠮ᠎ᠡ ᠶᠣᠰᠣ ᠶᠢ ᠨᠢ ᠣᠯᠪᠠᠯ ᠤᠷᠤᠭᠤᠯᠬᠤ ᠬᠦᠴᠦ ᠨᠢ ᠪᠠᠭ᠎ᠠ ᠣᠯᠬᠤ | ᠠᠮᠵᠢᠯᠲᠠ ᠨᠢ ᠶᠡᠭᠡ ᠶᠤᠮ᠂ ᠵᠢᠮ᠎ᠡ ᠶᠣᠰᠣ ᠪᠠᠷ ᠨᠢ ᠡᠰᠡ ᠶᠠᠪᠤᠪᠠᠯ ᠤᠷᠤᠭᠤᠯᠬᠤ ᠬᠦᠴᠦ ᠨᠢ ᠶᠡᠭᠡ ᠴᠦ ᠣᠯᠬᠤ ᠠᠮᠵᠢᠯᠲᠠ ᠨᠢ ᠪᠠᠭ᠎ᠠ ᠪᠠᠶᠢᠵᠤ ᠲᠡᠷᠡᠴᠢᠯᠡᠨ ᠨᠠᠵᠠᠭᠠᠢ | ᠦᠢᠯᠡᠳᠦᠯ ᠭᠠᠷᠭᠠᠵᠤ ᠮᠡᠳᠡᠨ᠎ᠠ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠨᠢ ᠬᠡᠷᠬᠢᠨ ᠥᠭᠡᠷᠡᠴᠢᠯᠡᠭᠰᠡᠨ ᠴᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ ᠭᠤᠶᠢᠪᠢᠯᠵᠠᠭᠤᠯᠵᠤ | ᠪᠤᠯᠬᠤ ᠦᠭᠡᠢ᠂ ᠡᠭᠦᠨ ᠤ ᠵᠡᠷᠭᠡᠪᠡᠷ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠤᠯᠬᠤ ᠶᠢ ᠨᠢ ᠰᠠᠶᠢᠲᠤᠷ ᠥᠭᠡᠷᠡᠴᠢᠯᠡᠵᠦ᠂ | ᠲᠦᠢᠯᠪᠤᠷᠢᠲᠠᠢ ᠥᠭᠡᠷᠡᠴᠢᠯᠡᠵᠦ᠂ ᠣᠨᠣᠪᠴᠢᠲᠠᠢ ᠲᠠᠨᠢᠪᠠᠯ ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ᠃ ᠥᠭᠡᠷᠡᠴᠢᠯᠡᠯᠲᠡ ᠬᠢᠬᠦ ᠳᠤ ᠰᠢᠰᠲ᠋ᠧᠮ ᠤᠨ ᠬᠤᠷᠠᠮᠠᠯ ᠢ | ᠨᠡᠩ ᠴᠢᠬᠤᠯᠠᠴᠢᠯᠠᠵᠤ᠂ ᠪᠦᠭᠦ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠲᠥᠰᠥᠪᠯᠡᠨ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠲᠥᠭᠦᠷᠵᠢᠭᠦᠯᠭᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠨᠡᠶᠢᠯᠡᠯ ᠬᠦᠴᠦᠨ ᠢ ᠪᠤᠢ ᠪᠤᠯᠭᠠᠬᠤ ᠶᠢ ᠲᠦᠯᠬᠢᠨ ᠠᠬᠢᠭᠤᠯᠵᠤ᠂ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ | ᠴᠢᠩᠭᠠᠳᠬᠠᠵᠤ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠬᠦ᠂ ᠬᠠᠷᠢᠯᠴᠠᠨ ᠬᠠᠷᠰᠢᠯᠠᠬᠤ ᠦᠵᠡᠭᠳᠡᠯ ᠢ ᠰᠡᠷᠭᠡᠶᠢᠯᠡᠨ ᠲᠡᠪᠴᠢᠬᠦ ᠬᠡᠷᠡᠭᠲᠡᠢ᠃ ᠥᠭᠡᠷᠡᠴᠢᠯᠡᠯᠲᠡ ᠳᠤ | ᠰᠠᠶᠢᠲᠤᠷ ᠲᠥᠯᠥᠪᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠂ ᠨᠡᠩ ᠴᠤ ᠰᠠᠶᠢᠲᠤᠷ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠬᠠᠳᠠᠭᠠᠰᠤ ᠬᠠᠳᠠᠬᠤ | ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ᠂ ᠨᠡᠩ ᠴᠤ ᠯᠠᠪᠳᠠᠭᠤᠨ | ᠪᠠᠲᠤᠲᠠᠢ᠂ ᠤᠷᠢᠳ ᠢᠶᠠᠷ ᠪᠣᠳᠣᠯᠬᠢᠯᠠᠬᠤ ᠲᠡᠰ ᠳᠠᠷᠠᠭᠠᠯᠠᠯ ᠢ ᠲᠣᠳᠣᠷᠬᠠᠶᠢᠯᠠᠵᠤ᠂ ᠴᠠᠭ ᠬᠡᠮᠵᠢᠶ᠎ᠡ ᠦᠷ᠎ᠡ ᠪᠦᠳᠦᠮᠵᠢ ᠶᠢ ᠡᠵᠡᠮᠳᠡᠵᠦ᠂ ᠴᠢᠳᠠᠯ ᠢᠶᠠᠷ ᠢᠶᠠᠨ ᠴᠢᠷᠮᠠᠶᠢᠵᠤ᠂ | ᠴᠢᠳᠠᠯ ᠤᠨ ᠢᠶᠠᠨ ᠬᠢᠷᠢ ᠪᠠᠷ ᠬᠢᠵᠦ᠂ ᠪᠣᠳᠠᠲᠠᠢ ᠠᠴᠠ ᠰᠠᠯᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠯᠢ ᠭᠠᠨ ᠵᠢᠶᠧ᠂ ᠾᠧ ᠯᠢ ᠹᠧᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠱᠠᠨᠳᠦ᠋ᠩ ᠮᠤᠵᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠂ ᠭᠠᠳᠠᠭᠠᠳᠤ ᠪᠡᠯᠡᠳᠦ ᠠᠵᠤ ᠠᠬᠤᠶᠢᠯᠠᠯ᠂ ᠰᠢᠶᠠᠩᠭᠠᠩ ᠣᠣᠮᠧᠨ ᠲᠠᠶᠢᠸᠠᠨ ᠤ ᠪᠡᠯᠡᠳᠦ ᠠᠵᠤ ᠠᠬᠤᠶᠢᠯᠠᠯ᠂ ᠲᠤᠰᠬᠠᠢ ᠰᠢᠯᠢᠳᠡᠭ | ᠣᠨᠴᠠ ᠰᠢᠨ᠎ᠡ ︽ ᠪᠠᠭ᠎ᠠ ᠠᠪᠤᠷᠭᠤ ︾ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠤ | ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ | |