ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ | ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃ | ᠬᠤᠷᠠᠯ ᠠᠴᠠ᠂ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢ ᠮᠥᠨ᠃ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ | ᠵᠣᠷᠢᠯᠲᠠ ᠶᠢ ᠭᠦᠨᠵᠡᠭᠡᠢ ᠣᠶᠢᠯᠠᠭᠠᠵᠤ᠂ ᠳᠤᠮᠳᠠ ᠣᠷᠣᠨ ᠪᠣᠯ ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ᠂ ᠡᠨᠧᠷᠭᠢ | ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ | ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠪᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠵᠤ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠴᠢᠬᠤᠯᠠ ᠶᠡᠭᠡ ᠰᠢᠨ᠎ᠡ ᠰᠢᠪᠲᠤᠯᠤᠯᠲᠠ | ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢ ᠪᠠᠷᠢᠮᠲᠠᠯᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠭᠤᠮᠲᠠ ᠰᠢᠪᠲᠤᠯᠤᠯᠲᠠ ᠶᠢ ᠴᠢᠩᠭᠠᠳᠬᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ | ᠪᠠᠶᠢᠷᠢᠰᠢᠭᠤᠯᠬᠤ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠥᠨᠳᠥᠷ ᠪᠦᠲᠦᠮᠵᠢᠲᠡᠢ ᠴᠢᠯᠦᠭᠡᠲᠡᠢ ᠳᠥᠭᠦᠮ ᠳᠥᠲᠡ ᠭᠦᠢᠯᠭᠡᠭᠡ ᠶᠢ ᠠᠬᠢᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠳᠤ ᠨᠡᠩ ᠰᠠᠶᠢᠲᠤᠷ ᠠᠭᠤᠰᠤᠯᠴᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ ᠠᠬᠢᠭᠤᠯᠬᠤ ᠶᠢ | ᠪᠡᠶᠡᠯᠡᠭᠦᠯᠬᠦ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠨᠠᠷᠢᠨ ᠲᠠᠩᠰᠠ ᠶᠢᠨ ᠭᠡᠯᠪᠡᠷᠢ ᠪᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠱᠠᠨ | ᠰᠢ᠂ ᠠᠨᠾᠦ᠋ᠢ᠂ ᠵᠢᠶᠠᠩᠰᠢ᠂ ᠾᠧᠨᠠᠨ᠂ ᠬᠤᠪᠧᠢ᠂ ᠬᠤᠨᠠᠨ ᠵᠡᠷᠭᠡ ᠳᠤᠮᠳᠠ ᠣᠷᠣᠨ ᠤ ᠵᠢᠷᠭᠤᠭᠠᠨ ᠮᠤᠵᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠳᠤᠮᠳᠠ ᠣᠷᠣᠨ ᠤ ᠬᠥᠭᠵᠢᠨ ᠮᠠᠨᠳᠤᠭᠰᠠᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠨᠢ ᠤᠯᠤᠰ ᠤᠨ ᠠᠮᠤᠷ ᠲᠦᠪᠰᠢᠨ᠂ ᠬᠥᠭᠵᠢᠯᠲᠡ ᠶᠢᠨ ᠪᠦᠭᠦ | ᠲᠠᠯ᠎ᠠ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠳᠠᠪᠠᠭ᠋ᠤ | ᠴᠢᠬᠤᠯᠠ ᠶᠡᠭᠡ ᠪᠣᠭᠤᠮᠲᠠ ᠪᠣᠯᠣᠨ᠎ᠠ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ | ᠲᠤᠷᠰᠢᠨ ᠬᠡᠷᠡᠭᠵᠢᠭᠦᠯᠬᠦ︶︾ ᠢ ᠲᠣᠭᠲᠠᠭᠠᠨ ᠨᠡᠶᠢᠲᠡᠯᠡᠭᠰᠡᠨ ᠨᠢ ᠮᠥᠩᠭᠦᠨ ᠭᠦᠢᠯᠭᠡᠭᠡᠨ ᠤ ᠬᠦᠷᠢᠶᠡᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠵᠥᠪ ᠠᠵᠢᠯ ᠤᠨ ᠠᠮᠵᠢᠯᠲᠠ ᠶᠢᠨ | ᠦᠵᠡᠯᠲᠡ ᠲᠠᠢ ᠪᠤᠯᠬᠤ ᠶᠢ ᠱᠠᠯᠠᠪᠳᠠᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠴᠢᠩᠭ᠎ᠠ ᠪᠠᠶᠢᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠵᠣᠷᠢᠭᠲᠠᠢ ᠪᠠᠷ ᠨᠠᠷᠢᠨ ᠬᠢᠨᠠᠮᠠᠭᠠᠢ ᠬᠠᠲᠠᠭᠤ ᠲᠠᠢ ᠨᠢ ᠬᠠᠯᠳᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠦᠨᠡᠨ | ᠬᠠᠮᠢᠶᠠᠷᠴᠤ ᠦᠨᠡᠨ ᠴᠢᠩᠭ᠎ᠠ ᠪᠠᠶᠢᠯᠭᠠᠵᠤ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠬᠤ᠂ ᠬᠠᠷᠢᠭᠤᠴᠠᠯᠭ᠎ᠠ ᠲᠤᠯᠭᠠᠬᠤ ᠳᠤ ᠵᠠᠪᠠᠯ ᠴᠢᠩᠭ᠎ᠠ ᠪᠠᠶᠢᠬᠤ ᠴᠢᠩᠭ᠎ᠠ | ᠳᠣᠬᠢᠶ᠎ᠠ ᠶᠢ ᠳᠠᠮᠵᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ︽ᠬᠤᠷᠴᠠ ᠰᠢᠳᠤ︾ ᠲᠠᠢ ᠪᠠᠶᠢᠯᠭᠠᠬᠤ᠂ ᠥᠨᠴᠥᠭ ᠢᠷᠮᠡᠭ ᠲᠠᠢ | ᠪᠠᠶᠢᠬᠤ ᠶᠢ ᠪᠡᠶᠡᠯᠡᠭᠦᠯᠵᠦ᠂ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠮᠥᠩᠭᠦᠨ | ᠭᠦᠢᠯᠭᠡᠭᠡᠨ ᠤ ᠬᠦᠷᠢᠶᠡᠨ ᠳᠤ ᠪᠤᠶ ᠪᠤᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |