ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ | ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠰᠧᠷᠪᠢᠶ᠎ᠠ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ | ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ | ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠥᠴᠢᠴᠢ ᠠᠴᠠ ᠦᠪᠡᠳᠡᠭᠰᠢ | ᠶᠡᠭᠡ ᠶᠣᠰᠣᠯᠠᠯ ᠶᠠᠪᠤᠭᠳᠠᠭᠤᠯᠵᠤ ᠰᠢ ᠶᠢᠨ ᠫᠢᠩ ᠢ ᠤᠭᠲᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | | | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ | ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ | ᠬᠠᠮᠲᠤ ᠪᠠᠷ ︽ᠳᠤᠮᠳᠠᠳᠤ ᠰᠧᠷᠪᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ | ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ | ᠭᠠᠷ ᠤᠨ ᠦᠰᠦᠭ ᠵᠢᠷᠤᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | 5 ᠰᠠᠷ᠎ᠠ ᠶᠢᠨ ᠪᠧᠯᠭᠷᠡᠳ᠋ ᠲᠤ ᠨᠠᠷ᠎ᠡ ᠲᠤᠨᠤᠷᠠᠨ᠎ᠠ᠃ ᠰᠧᠷᠪᠢᠶ᠎ᠠ ᠲᠣᠮᠣ ᠠᠰᠠᠷ ᠤᠨ ᠡᠮᠦᠨ᠎ᠡ᠂ ᠳᠤᠮᠳᠠᠳᠤ ᠰᠧᠷᠪᠢᠶ᠎ᠠ ᠬᠤᠶᠠᠷ ᠤᠯᠤᠰ ᠤᠨ ᠤᠯᠤᠰ ᠤᠨ ᠲᠤᠭ | ᠰᠠᠯᠬᠢᠨ ᠤ ᠠᠶ᠎ᠠ ᠪᠠᠷ ᠨᠠᠮᠢᠷᠠᠵᠤ᠂ ᠶᠣᠰᠣᠯᠠᠯ ᠤᠨ ᠠᠩᠭᠢ ᠰᠦᠷ ᠵᠢᠪᠬᠤᠭ᠎ᠠ ᠲᠠᠢ ᠪᠠᠶᠢᠯ᠎ᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠲᠡᠷᠭᠡᠨ ᠳᠤ | ᠰᠠᠭᠤᠵᠤ ᠬᠦᠷᠴᠦ ᠢᠷᠡᠬᠦ ᠳᠤ᠂ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠪᠣᠯᠣᠨ ᠲᠡᠭᠦᠨ ᠤ ᠬᠠᠳᠤᠨ ᠲᠠᠮᠠᠯᠠ ᠲᠡᠷᠭᠡᠨ ᠠᠴᠠ ᠪᠠᠭᠤᠬᠤ ᠭᠠᠵᠠᠷ ᠲᠤ | ᠬᠠᠯᠠᠭᠤᠨ ᠢᠶᠠᠷ ᠤᠭᠲᠤᠵᠤ ᠠᠪᠤᠪᠠ᠃ | ᠥᠴᠢᠴᠢ ᠦᠪᠡᠳᠡᠭᠰᠢ ᠶᠣᠰᠣᠯᠠᠯ ᠶᠠᠪᠤᠭᠳᠠᠭᠤᠯᠵᠤ ᠰᠢ ᠶᠢᠨ ᠫᠢᠩ ᠢ ᠤᠭᠲᠤᠪᠠ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠰᠧᠷᠪᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ | ᠫᠤᠤ ᠶᠢ 10 ᠳᠤᠤᠭᠠᠷᠭᠠᠪᠠ᠃ ᠰᠢ ᠶᠢᠨ ᠫᠢᠩ ᠥᠴᠢᠴᠢ ᠶᠢᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ | ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠪᠡ᠃ | ᠥᠴᠢᠴᠢ ᠰᠢ ᠶᠢᠨ ᠫᠢᠩ ᠳᠤ ᠪᠠᠷ᠎ᠠ ᠪᠣᠯᠵᠤ ᠵᠠᠰᠠᠭ ᠤᠨ ᠣᠷᠳᠣᠨ ᠤ ᠲᠣᠮᠣ ᠠᠰᠠᠷ ᠤᠨ ᠲᠠᠪᠴᠠᠩ ᠳᠤ ᠭᠦᠷᠪᠡ᠃ ᠲᠣᠮᠣ ᠠᠰᠠᠷ ᠤᠨ ᠠᠭᠤᠳᠠᠮ | ᠲᠠᠯᠠᠪᠠᠢ ᠳᠤ᠂ ᠲᠦᠮᠡ ᠲᠠᠪᠤᠨ ᠮᠢᠩᠭᠠᠨ ᠰᠧᠷᠪᠢᠶ᠎ᠠ ᠶᠢᠨ ᠠᠷᠠᠳ ᠤᠯᠠᠨ ᠳᠤᠮᠳᠠᠳᠤ ᠰᠧᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ | ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠪᠡ᠃ | ᠠᠭᠤᠳᠠᠮ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂ ᠤᠷᠠᠢ ᠬᠠᠰᠬᠢᠷᠬᠤ ᠲᠠᠭᠤᠨ ᠤᠳᠠᠲᠠᠯ᠎ᠠ ᠦᠷᠭᠦᠯᠵᠢᠯᠡᠪᠡ᠃ | ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠲᠤᠰ ᠲᠤᠰ ᠪᠠᠭ᠎ᠠ ᠬᠡᠪᠴᠢᠶᠡᠨ ᠤ ᠠᠭᠤᠯᠵᠠᠯᠲᠠ ᠪᠠ ᠶᠡᠭᠡ ᠬᠡᠪᠴᠢᠶᠡᠨ ᠤ ᠬᠡᠯᠡᠯᠴᠡᠭᠡ | ᠬᠢᠪᠡ᠃ | ᠰᠢ ᠶᠢᠨ ᠫᠢᠩ᠂ ᠶᠡᠷᠦᠩᠬᠡᠶᠢᠯᠡᠭᠴᠢ ᠥᠴᠢᠴᠢ ᠶᠢᠨ ᠤᠯᠠᠨ ᠤᠳᠠᠭ᠎ᠠ ᠶᠢᠨ ᠤᠷᠢᠯᠭ᠎ᠠ ᠪᠠᠷ᠂ 8 ᠵᠢᠯ ᠠᠯᠤᠰᠯᠠᠭᠠᠳ ᠦᠵᠡᠰᠬᠦᠯᠡᠩᠲᠦ ᠰᠠᠶᠢᠬᠠᠨ ᠰᠧᠷᠪᠢᠶ᠎ᠠ ᠳᠤ | ᠳᠠᠬᠢᠨᠲᠠ ᠠᠶᠢᠯᠴᠢᠯᠠᠬᠰᠠᠨ ᠳᠠᠭᠠᠨ ᠪᠢ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠥᠴᠢᠴᠢ ᠵᠠᠰᠠᠭ ᠤᠨ ᠣᠷᠳᠣᠨ ᠤ ᠤᠯᠠᠨ ᠴᠢᠬᠤᠯᠠ ᠳᠡᠭᠡᠳᠦ | ᠲᠤᠰᠢᠶᠠᠯᠲᠠᠨ ᠢ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠂ ᠢᠯᠠᠩᠭᠤᠶ᠎ᠠ ᠰᠠᠶ᠋ᠢᠬᠠᠨ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠳᠠᠭᠤᠯᠵᠤ | ᠨᠠᠳᠠ ᠶᠢ ᠤᠭᠲᠤᠭᠰᠠᠨ ᠨᠢ ᠨᠠᠳᠠ ᠶᠢ ᠶᠡᠬᠡᠳᠡ ᠳᠣᠭᠳᠣᠯᠤᠭᠤᠯᠵᠤ᠂ ᠰᠧᠷᠪᠢᠶ᠎ᠠ ᠶᠢᠨ ᠠᠷᠠᠳ ᠲᠦᠮᠡᠨ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ | ᠨᠠᠶᠢᠵᠠ᠂ ᠳᠤᠮᠳᠠᠳᠤ ᠤᠯᠤᠰ ᠲᠤ ᠦᠨᠡᠨᠴᠢ ᠨᠥᠭᠦᠷᠰᠡᠭ ᠬᠠᠶᠢᠷ᠎ᠠ ᠰᠡᠳᠬᠢᠯᠭᠡ ᠲᠠᠢ ᠭᠡᠳᠡᠭ ᠢ ᠭᠦᠨᠵᠡᠭᠡᠢ ᠮᠡᠳᠡᠷᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠰᠧᠷᠪᠢᠶ᠎ᠠ ᠶᠢᠨ ᠦᠨᠡᠨᠴᠢ ᠨᠥᠬᠦᠷᠯᠡᠯ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠲᠤᠭᠤᠯᠵᠥ᠂ | ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ᠂ ᠪᠠᠲᠤ ᠪᠠᠬᠢ ᠤᠯᠤᠰ ᠲᠦᠷᠦ ᠶᠢᠨ ᠰᠠᠭᠤᠷᠢ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ᠂ ᠯᠠᠪᠳᠠᠭᠤᠨ | ᠪᠠᠲᠤᠲᠠᠢ ᠠᠷᠠᠳ ᠤᠨ ᠰᠠᠨᠠᠭᠠᠨ ᠤ ᠰᠠᠭᠤᠷᠢ ᠲᠠᠢ ᠶᠤᠮ᠃ ᠣᠶᠢᠷ᠎ᠠ ᠶᠢᠨ ᠵᠢᠯ ᠠᠴᠠ᠂ ᠪᠢ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠬᠤᠶᠠᠷ ᠤᠯᠤᠰ ᠤᠨ | ᠬᠠᠷᠢᠯᠴᠠᠭ᠎ᠠ ᠶᠢ ᠬᠥᠲᠥᠯᠥᠨ ᠳᠠᠭᠠᠭᠤᠯᠵᠤ ᠲᠠᠪᠠᠯᠳᠠᠳᠤ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ | ᠢᠯᠠᠩᠭᠤᠶ᠎ᠠ 2016 ᠣᠨ ᠳᠤ ᠳᠤᠮᠳᠠᠳᠤ ᠰᠧᠷᠪᠢᠶ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ | ᠬᠤᠶᠠᠷ ᠲᠠᠯ᠎ᠠ ᠶᠢᠨ ᠬᠠᠷᠢᠯᠴᠠᠭᠠᠨ ᠤ ᠠᠭᠤᠯᠤᠭᠳᠠᠬᠤᠨ ᠨᠡᠩ ᠪᠠᠶᠠᠯᠢᠭᠵᠢᠵᠤ᠂ ᠠᠭᠤᠯᠬᠤᠨ ᠦᠷᠭᠦᠯᠵᠢᠯᠡᠨ ᠥᠷᠭᠡᠵᠢᠵᠦ᠂ ᠨᠢᠭᠡᠨᠲᠡ ᠳᠤᠮᠳᠠᠳᠤ ᠤᠯᠤᠰ ᠪᠣᠯᠣᠨ | ᠡᠸᠦ᠋ᠷᠦᠫᠡ ᠲᠢᠪ ᠤᠨ ᠤᠯᠤᠰ ᠤᠳ ᠤᠨ ᠬᠤᠭᠤᠷᠣᠨᠳᠣᠭᠢ ᠨᠥᠭᠦᠷᠰᠡᠭ ᠬᠠᠷᠢᠯᠴᠠᠭᠠᠨ ᠤ ᠬᠡᠪ ᠳᠠᠭᠤᠷᠢᠶᠠᠯ ᠪᠣᠯᠵᠠᠢ᠃ ᠬᠢᠬᠦ ᠨᠢ ᠬᠡᠯᠡᠬᠦ ᠠᠴᠠ ᠳᠡᠭᠡᠷ᠎ᠡ ᠭᠡᠳᠡᠭ᠃ | ᠳᠤᠮᠳᠠᠳᠤ ᠤᠯᠤᠰ ᠳᠤᠷᠠᠲᠠᠶ᠎ᠠ ᠰᠧᠷᠪᠢᠶ᠎ᠠ ᠶᠢᠨ ᠲᠠᠯ᠎ᠠ ᠯᠤᠭ᠎ᠠ ᠬᠠᠮᠲᠤ ᠪᠠᠷ᠂ ᠦᠷᠭᠦᠯᠵᠢᠯᠡᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠤᠪᠢ ᠵᠠᠶᠠᠭ᠎ᠠ ᠪᠠᠨ | ᠬᠠᠮᠲᠤᠳᠬᠠᠨ᠂ ᠦᠨᠡᠨᠴᠢ ᠨᠥᠬᠦᠷᠯᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠰᠧᠷᠪᠢᠶ᠎ᠠ ᠶᠢᠨ ᠨᠥᠬᠦᠷᠯᠡᠯ ᠢ ᠪᠠᠷᠢᠮᠲᠠᠯᠠᠨ ᠬᠥᠭᠵᠢᠭᠦᠯᠵᠦ᠂ ᠬᠤᠶᠠᠷ | ᠤᠯᠤᠰ ᠤᠨ ᠦᠨᠳᠦᠰᠦᠨ ᠪᠠ ᠠᠯᠤᠰ ᠭᠡᠲᠦ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠂ ᠲᠣᠰ ᠲᠣᠰ ᠤᠨ ᠤᠯᠤᠰ ᠤᠨ ᠢᠶᠠᠨ ᠬᠥᠭᠵᠢᠯᠲᠡ ᠪᠠ | ᠦᠨᠳᠦᠰᠦᠲᠡᠨ ᠤ ᠬᠥᠭᠵᠢᠯ ᠮᠠᠨᠳᠤᠯ ᠢ ᠮᠥᠷᠥ ᠵᠡᠷᠭᠡᠴᠡᠨ ᠡᠷᠢᠯᠬᠢᠯᠡᠵᠦ᠂ ᠭᠠᠷ ᠬᠤᠯᠪᠣᠨ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠧᠷᠪᠢᠶ᠎ᠠ ᠪᠣᠯ ᠳᠤᠮᠳᠠᠳᠤ ᠤᠯᠤᠰ ᠤᠨ ᠳᠤᠮᠳᠠ ᠵᠡᠭᠦᠨ ᠡᠸᠦ᠋ᠷᠦᠫᠡ ᠶᠢᠨ ᠭᠠᠵᠠᠷ ᠣᠷᠣᠨ ᠳᠠᠬᠢ ᠠᠩᠬᠠᠳᠠᠭᠴᠢ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠲᠤᠰ ᠲᠤᠰ ᠤᠨ ᠬᠥᠭᠵᠢᠯ ᠮᠠᠨᠳᠤᠯ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠰᠢᠨ᠎ᠡ ᠪᠠᠶᠢᠳᠠᠯ ᠳᠣᠣᠷ᠎ᠠ᠂ ᠰᠧᠷᠪᠢᠶ᠎ᠠ ᠨᠢ ᠳᠤᠮᠳᠠᠳᠤ | ᠤᠯᠤᠰ ᠯᠤᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠭᠰᠠᠨ ᠠᠩᠬᠠᠳᠠᠭᠴᠢ ᠡᠸᠦ᠋ᠷᠦᠫᠡ ᠲᠢᠪ ᠤᠨ ᠤᠯᠤᠰ ᠪᠣᠯᠵᠤ᠂ ᠳᠤᠮᠳᠠᠳᠤ | ᠰᠧᠷᠪᠢᠶ᠎ᠠ ᠶᠢᠨ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠣᠨᠴᠠᠭᠠᠢ ᠴᠢᠨᠠᠷ ᠪᠣᠯᠣᠨ ᠥᠨᠳᠥᠷ ᠲᠦᠪᠰᠢᠨ ᠢ ᠭᠦᠢᠴᠡᠳ ᠢᠯᠡᠷᠡᠭᠦᠯᠪᠡ᠃ ᠰᠢᠨ᠎ᠡ ᠴᠠᠭ | ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯ ᠳᠤᠮᠳᠠᠳᠤ ᠰᠧᠷᠪᠢᠶ᠎ᠠ ᠶᠢᠨ ᠦᠨᠡᠨᠴᠢ ᠨᠥᠬᠦᠷᠯᠡᠯ ᠤᠨ ᠳᠡᠭᠡᠭᠰᠢᠯᠡᠯᠲᠡ ᠮᠥᠨ᠂ | ᠪᠠᠰᠠ ᠬᠤᠶᠠᠷ ᠲᠠᠯ᠎ᠠ ᠶᠢᠨ ᠬᠠᠮᠲᠤ ᠶᠢᠨ ᠦᠷᠳᠡᠭ ᠤᠨ ᠣᠶᠢᠯᠠᠭᠠᠭᠳᠠᠬᠤᠨ ᠪᠣᠯᠣᠨ ᠬᠠᠷᠠᠯᠲᠠ ᠬᠥᠭᠡᠭᠡᠴᠡᠯᠳᠦᠯ ᠢ ᠲᠥᠯᠥᠭᠡᠯᠡᠵᠦ ᠪᠠᠶᠢᠨ᠎ᠠ᠂ ᠲᠤᠬᠠᠶᠢᠯᠠᠪᠠᠯ | ᠬᠥᠭᠵᠢᠯᠲᠡ ᠶᠢ ᠬᠠᠮᠲᠤ ᠪᠠᠷ ᠡᠷᠢᠯᠬᠢᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ᠂ ᠬᠠᠷᠢᠯᠴᠠᠨ ᠠᠮᠵᠢᠯᠲᠠ ᠪᠦᠲᠦᠮᠵᠢ ᠣᠯᠬᠤ ᠪᠣᠯᠣᠨ᠎ᠠ᠂ ᠡᠨᠡ | ᠪᠣᠯ ᠳᠤᠮᠳᠠᠳᠤ ᠰᠧᠷᠪᠢᠶ᠎ᠠ ᠶᠢᠨ ᠬᠤᠶᠠᠷ ᠤᠯᠤᠰ ᠵᠢᠴᠢ ᠳᠡᠯᠡᠬᠡᠢ ᠳᠡᠭᠡᠷᠡᠬᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠡᠩᠬᠡ ᠲᠠᠶᠢᠪᠤᠩ ᠪᠠ | ᠬᠥᠭᠵᠢᠯᠲᠡ ᠶᠢ ᠡᠷᠢᠯᠬᠢᠯᠡᠬᠦ ᠤᠯᠤᠰ ᠪᠦᠭᠦᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ | ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠳᠠᠮᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠪᠠ ᠳᠤᠮᠳᠠᠳᠤ ᠤᠯᠤᠰ – ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ | ᠥᠷᠭᠡᠳᠬᠡᠵᠦ᠂ ᠬᠤᠶᠠᠷ ᠤᠯᠤᠰ ᠤᠨ ᠲᠣᠰ ᠲᠣᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | ᠨᠢᠭᠡᠳᠦᠭᠡᠷ ᠲᠤ᠂ ᠬᠤᠶᠠᠷ ᠤᠯᠤᠰ ᠤᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷ ᠢ ᠲᠤᠪᠤᠶᠢᠯᠭᠠᠵᠥ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ | ᠴᠢᠭᠯᠡᠯ ᠢ ᠡᠵᠡᠮᠳᠡᠶ᠎ᠡ᠃ ᠳᠤᠮᠳᠠᠳᠤ ᠤᠯᠤᠰ ᠰᠧᠷᠪᠢᠶ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ | ᠲᠣᠬᠢᠷᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠰᠧᠷᠪᠢᠶ᠎ᠠ ᠶᠢᠨ ᠤᠯᠤᠰ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ | ᠪᠦᠲᠦᠨ ᠪᠠᠶᠢᠬᠤ ᠶᠢ ᠬᠠᠮᠠᠭᠠᠯᠠᠬᠤ ᠴᠢᠷᠮᠠᠶᠢᠯᠭ᠎ᠠ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠷᠡᠰ ᠳᠡᠮᠵᠢᠯᠴᠡᠵᠦ᠂ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠰ ᠲᠣᠰ ᠤᠨ ᠤᠯᠤᠰ ᠲᠥᠷᠥ ᠶᠢᠨ ᠠᠮᠤᠷ ᠲᠦᠪᠰᠢᠨ ᠪᠣᠯᠣᠨ ᠦᠨᠳᠦᠰᠦᠨ ᠠᠰᠢᠭ ᠲᠤᠰᠠ ᠪᠠᠨ ᠰᠠᠶᠢᠲᠤᠷ | ᠬᠠᠮᠠᠭᠠᠯᠠᠶ᠎ᠠ᠃ | ᠬᠤᠶᠠᠳᠤᠭᠠᠷ ᠲᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠪᠣᠳᠠᠲᠠᠢ ᠶᠢ ᠡᠷᠭᠢᠮᠯᠡᠭᠦ ᠴᠢᠨᠠᠷ ᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ | ᠪᠤᠶᠠᠨ ᠵᠢᠷᠭᠠᠯ ᠬᠦᠷᠲᠡᠭᠡᠶ᠎ᠡ᠃ ᠳᠤᠮᠳᠠᠳᠤ ᠰᠧᠷᠪᠢᠶ᠎ᠠ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ | ᠪᠠᠶᠠᠷᠯᠠᠭᠤᠰᠢᠲᠠᠢ ᠦᠷ᠎ᠡ ᠪᠦᠲᠦᠮᠵᠢ ᠣᠯᠪᠠ᠃ ᠬᠤᠶᠠᠷ ᠲᠠᠯ᠎ᠠ ᠪᠠᠷ ᠢᠶᠠᠨ ᠵᠠᠮ ᠬᠠᠷᠢᠯᠴᠠᠭ᠎ᠠ ᠪᠣᠯᠣᠨ ᠡᠨᠧᠷᠭᠢ ᠶᠢᠨ ᠰᠠᠭᠤᠷᠢ ᠲᠥᠬᠦᠭᠡᠷᠦᠮᠵᠢ ᠵᠡᠷᠭᠡ ᠤᠯᠠᠮᠵᠢᠯᠠᠯᠲᠤ | ᠬᠦᠷᠢᠶᠡᠨ ᠤ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠤᠨ ᠰᠧᠷᠪᠢᠶ᠎ᠠ ᠶᠢᠨ ᠬᠡᠰᠡᠭ ᠤᠨ ᠪᠦᠭᠦ ᠱᠤᠭᠤᠮ ᠢᠶᠠᠷ | ᠲᠡᠷᠭᠡ ᠨᠡᠪᠲᠡᠷᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠤᠶᠠᠷ ᠤᠯᠤᠰ ᠤᠨ ᠬᠠᠮᠲᠤᠷᠠᠯᠴᠠᠭᠠᠨ ᠤ ᠶᠡᠭᠡ ᠲᠦᠷᠦᠯ ᠵᠦᠢᠯ ᠢ ᠬᠠᠮᠲᠤ ᠪᠠᠷ | ᠰᠠᠶᠢᠲᠤᠷ ᠡᠵᠡᠩᠨᠡᠵᠦ᠂ ︽ᠪᠠᠭ᠎ᠠ ᠠᠳᠠᠯ᠎ᠠ ᠭᠤᠶᠤ︾ ᠠᠷᠠᠳ ᠤᠨ ᠠᠮᠢᠳᠤᠷᠠᠯ ᠤᠨ ᠨᠡᠩ ᠤᠯᠠᠨ ᠲᠦᠷᠦᠯ ᠵᠦᠢᠯ ᠢ ᠴᠣᠭᠴᠠᠯᠠᠵᠤ᠂ ᠢᠳᠡᠪᠬᠢᠲᠡᠢ ᠠᠵᠤ ᠠᠬᠤᠢ | ᠨᠡᠶᠢᠭᠡᠮ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠶ᠎ᠠ᠃ ᠳᠤᠮᠳᠠᠳᠤ ᠰᠧᠷᠪᠢᠶ᠎ᠠ ᠶᠢᠨ ᠴᠢᠯᠦᠭᠡᠲᠦ ᠠᠷᠠᠯᠵᠢᠶᠠᠨ ᠤ ᠵᠥᠪᠳᠡᠯᠴᠡᠭᠡᠷ ᠡᠨᠡ ᠵᠢᠯ ᠤᠨ 7 | ᠰᠠᠷ᠎ᠠ ᠶᠢᠨ 1 ᠤ ᠡᠳᠦᠷ ᠬᠦᠴᠦᠨ ᠲᠠᠢ ᠪᠣᠯᠣᠨ᠎ᠠ᠂ ᠳᠤᠮᠳᠠᠳᠤ ᠰᠧᠷᠪᠢᠶ᠎ᠠ ᠶᠢᠨ ᠥᠨᠳᠥᠷ ᠲᠦᠪᠰᠢᠨ ᠪᠦᠬᠦᠢ ᠬᠠᠷᠢᠯᠴᠠᠨ ᠨᠡᠭᠡᠭᠡᠯᠲᠡ ᠬᠢᠬᠦ ᠨᠢ ᠯᠠᠪᠲᠠᠢ ᠰᠢᠨ᠎ᠡ | ᠱᠠᠲᠤᠨ ᠳᠤ ᠣᠷᠣᠬᠤ ᠪᠣᠯᠣᠨ᠎ᠠ᠃ ᠳᠤᠮᠳᠠᠳᠤ ᠤᠯᠤᠰ ᠤᠨ ᠬᠢᠨ ᠰᠧᠷᠪᠢᠶ᠎ᠠ ᠶᠢᠨ ᠥᠪᠡᠷᠮᠢᠴᠡ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ | ᠣᠷᠣᠭᠤᠯᠬᠤ ᠪᠠᠨ ᠦᠷᠭᠦᠯᠵᠢᠯᠡᠨ ᠥᠷᠭᠡᠳᠬᠡᠵᠦ᠂ ᠳᠤᠷᠠᠲᠠᠶ᠎ᠠ ᠢᠷᠡᠬᠦ 3 ᠵᠢᠯ ᠳᠤ ᠰᠧᠷᠪᠢᠶ᠎ᠠ ᠶᠢᠨ 300 ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ | ᠤᠷᠢᠵᠤ ᠰᠤᠷᠤᠯᠴᠠᠭᠤᠯᠤᠨ ᠰᠣᠯᠢᠯᠴᠠᠭᠤᠯᠤᠨᠠ᠃ ᠰᠧᠷᠪᠢᠶ᠎ᠠ ᠶᠢᠨ ᠬᠢᠨ ᠪᠧᠯᠭᠷᠠᠳ᠋ ᠠᠴᠠ ᠱᠠᠩᠬᠠᠢ ᠳᠤ ᠰᠢᠭᠤᠳ ᠬᠦᠷᠬᠦ ᠠᠶᠠᠯᠠᠯ ᠤᠨ ᠱᠤᠭᠤᠮ ᠢ ᠨᠡᠮᠡᠨ | ᠲᠣᠬᠢᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ | ᠭᠤᠷᠪᠠᠳᠤᠭᠠᠷ ᠲᠤ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠶᠢ ᠡᠭᠦᠳᠬᠦ ᠴᠢᠨᠠᠷ ᠢ ᠪᠠᠳᠠᠷᠠᠭᠤᠯᠵᠤ᠂ ᠰᠢᠨ᠎ᠡ ᠬᠠᠮᠲᠤᠷᠠᠯᠴᠠᠭᠠᠨ ᠤ ᠢᠷᠡᠭᠡᠳᠦᠢ ᠶᠢ | ᠨᠡᠭᠡᠭᠡᠵᠦ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠨᠡᠮᠡᠭᠳᠡᠯ ᠤᠨ ᠴᠡᠭ ᠪᠣᠯᠭᠠᠶ᠎ᠠ᠃ ᠳᠤᠮᠳᠠᠳᠤ ᠤᠯᠤᠰ | ᠢᠷᠡᠭᠡᠳᠦᠢ ᠶᠢᠨ 3 ᠵᠢᠯ ᠳᠤ ᠰᠧᠷᠪᠢᠶ᠎ᠠ ᠶᠢᠨ 50 ᠵᠠᠯᠠᠭᠤ ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠰᠣᠯᠢᠯᠴᠠᠭ᠎ᠠ | ᠠᠶᠢᠯᠴᠢᠯᠠᠯᠲᠠ ᠬᠢᠬᠦ ᠶᠢ ᠳᠡᠮᠵᠢᠨ᠎ᠠ᠂ ᠳᠤᠷᠠᠲᠠᠶ᠎ᠠ ᠰᠧᠷᠪᠢᠶ᠎ᠠ ᠶᠢᠨ ᠬᠢᠨ ᠲᠠᠢ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠪᠦᠭᠦ ᠬᠥᠮᠥᠨ ᠲᠥᠷᠥᠯᠬᠢᠲᠡᠨ ᠤ ᠵᠣᠬᠢᠶᠠᠮᠠᠯ ᠤᠶᠤᠨ ᠴᠢᠳᠠᠪᠤᠷᠢ ᠶᠢ ᠵᠦᠢ ᠵᠣᠬᠢᠰᠲᠠᠢ ᠬᠥᠭᠵᠢᠭᠦᠯᠬᠦ ᠪᠠ ᠬᠡᠷᠡᠭᠯᠡᠬᠦ ᠶᠢ ᠠᠬᠢᠭᠤᠯᠤᠨ᠎ᠠ᠃ ᠡᠵᠡᠷᠬᠡᠬᠦ | ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠬᠠᠮᠲᠤ ᠪᠠᠷ ᠡᠰᠡᠷᠭᠦᠴᠡᠵᠦ᠂ ᠪᠦᠯᠦᠭᠯᠡᠯ ᠤᠨ ᠤᠯᠤᠰ ᠲᠦᠷᠦ ᠪᠠ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ | ᠡᠰᠡᠷᠭᠦᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃ | ᠦᠴᠢᠴᠢ ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠪᠣᠯ ᠰᠧᠷᠪᠢᠶ᠎ᠠ ᠶᠢᠨ ᠬᠠᠮᠤᠭ ᠤᠨ | ᠴᠢᠩ ᠦᠨᠡᠨᠴᠢ ᠨᠠᠶᠢᠵᠠ ᠮᠥᠨ᠃ ᠰᠧᠷᠪᠢᠶ᠎ᠠ ᠪᠣᠯ ᠵᠢᠵᠢᠭ ᠤᠯᠤᠰ ᠶᠤᠮ᠂ ᠭᠡᠪᠡᠴᠦ ᠳᠤᠮᠳᠠᠳᠤ ᠤᠯᠤᠰ ᠰᠧᠷᠪᠢᠶ᠎ᠠ ᠶᠢᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠢᠮᠠᠭᠲᠠ ᠭᠦᠢᠴᠡᠳ ᠭᠦᠨᠳᠦᠳᠭᠡᠵᠦ᠂ ᠰᠧᠷᠪᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ | ᠳᠡᠮᠵᠢᠯᠭᠡ ᠬᠠᠩᠭᠠᠵᠠᠢ᠃ ᠲᠡᠷᠢᠭᠦᠯᠡᠭᠴᠢ ᠰᠢ ᠶᠢᠨ ᠫᠢᠩ ᠪᠣᠯ ᠠᠭᠤᠤ ᠶᠡᠭᠡ ᠳᠡᠯᠡᠬᠡᠢ ᠶᠢᠨ ᠤᠳᠤᠷᠢᠳᠤᠭᠴᠢ ᠮᠥᠨ᠃ ᠲᠡᠷᠢᠭᠦᠯᠡᠭᠴᠢ ᠰᠢ ᠶᠢᠨ ᠫᠢᠩ ᠤᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ᠳᠡᠯᠡᠬᠡᠢ ᠶᠢᠨ ᠬᠥᠭᠵᠢᠯᠲᠡ | ᠲᠠᠪᠰᠢᠯᠳᠠ ᠶᠢᠨ ᠬᠡᠷᠡᠯᠳᠦ ᠴᠠᠮᠬᠠᠭ ᠪᠣᠯᠵᠤ᠂ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ ᠤᠳᠤᠷᠢᠳᠬᠤ ᠦᠢᠯᠡᠳᠦᠯ ᠦᠵᠡᠭᠦᠯᠵᠦ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ ᠪᠥᠭᠡᠳ ᠪᠠᠰᠠ ᠳᠡᠯᠡᠬᠡᠢ ᠶᠢᠨ ᠠᠷᠠᠳ ᠲᠦᠮᠡᠨ ᠳᠤ | ᠠᠰᠢᠭ ᠲᠤᠰᠠ ᠣᠯᠭᠤᠬᠤ ᠪᠣᠯᠣᠨ᠎ᠠ᠃ ᠰᠧᠷᠪᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠳᠤ ᠮᠠᠰᠢ ᠲᠠᠯᠠᠷᠬᠠᠨ | ᠭᠦᠨᠳᠤᠳᠭᠡᠵᠤ᠂ ᠳᠤᠮᠳᠠᠳᠤ ᠤᠯᠤᠰ ᠰᠢᠭ᠋ ᠡᠶᠢᠮᠦ ᠠᠭᠤᠤ ᠶᠡᠭᠡ ᠤᠯᠤᠰ ᠯᠤᠭ᠎ᠠ ᠦᠨᠡᠨᠴᠢ ᠨᠠᠶᠢᠵᠠ ᠪᠣᠯᠣᠯᠴᠠᠭᠰᠠᠨ ᠳᠠᠭᠠᠨ ᠴᠢᠩ ᠰᠡᠳᠬᠢᠯ ᠠᠴᠠ ᠪᠠᠨ ᠣᠮᠣᠭᠰᠢᠵᠤ | ᠪᠠᠶᠢᠨ᠎ᠠ᠃ ᠰᠧᠷᠪᠢᠶ᠎ᠠ ᠶᠢᠨ ᠬᠢᠨ ᠲᠠᠶᠢᠸᠠᠨ ᠵᠡᠷᠭᠡ ᠭᠤᠣᠯᠯᠠᠬᠤ ᠠᠰᠢᠭ ᠲᠤᠰᠠ ᠶᠢᠨ ᠠᠰᠠᠭᠤᠳᠠᠯ ᠳᠡᠭᠡᠷᠡᠬᠢ ᠲᠤᠮᠳᠠᠳᠤ ᠤᠯᠤᠰ ᠤᠨ ᠵᠦᠢ ᠶᠣᠰᠣᠨ ᠤ | ᠵᠣᠭᠰᠣᠯᠲᠠ ᠶᠢ ᠡᠷᠡᠰ ᠳᠡᠮᠵᠢᠨ᠎ᠠ᠃ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠠᠶᠢᠨ᠎ᠠ᠂ ᠰᠧᠷᠪᠢᠶ᠎ᠠ ᠶᠢᠨ ᠬᠢᠨ ᠦᠷᠭᠦᠯᠵᠢᠯᠡᠨ ᠭᠤᠶᠢᠪᠢᠰᠢ ᠦᠭᠡᠢ ᠪᠠᠷ | ᠳᠤᠮᠳᠠᠳᠤ ᠤᠯᠤᠰ ᠢ ᠡᠷᠡᠰ ᠳᠡᠮᠵᠢᠨ᠎ᠠ ᠭᠡᠵᠦ ᠢᠯᠡᠳᠬᠡᠪᠡ᠃ | ᠥᠴᠢᠴᠢ᠂ ᠳᠤᠮᠳᠠᠳᠤ ᠤᠯᠤᠰ ᠤᠨ ᠪᠡᠯᠡ ᠣᠷᠣᠭᠤᠯᠤᠯᠲᠠ ᠪᠣᠯᠣᠨ ᠬᠠᠮᠲᠤᠷᠠᠯᠴᠠᠭ᠎ᠠ ᠨᠢ ᠰᠧᠷᠪᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠶᠡᠭᠡ ᠪᠠᠷ ᠠᠬᠢᠭᠤᠯᠤᠭᠰᠠᠨ ᠪᠥᠭᠡᠳ ᠰᠧᠷᠪᠢᠶ᠎ᠠ ᠶᠢᠨ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠴᠦ ᠳᠡᠭᠡᠭᠰᠢᠯᠡᠭᠦᠯᠪᠡ᠃ ᠢᠯᠠᠩᠭᠤᠶ᠎ᠠ 2016 ᠣᠨ ᠠᠴᠠ | ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠾᠧ ᠭᠠᠩ ᠪᠦᠯᠦᠭᠯᠡᠯ ᠤᠨ ᠰᠧᠮᠸᠢᠢᠯᠸᠢᠢᠸᠧ ᠪᠣᠯᠣᠳ ᠲᠡᠮᠦᠷ ᠤᠨ | ᠦᠢᠯᠡᠳᠪᠦᠷᠢ ᠯᠤᠲᠤ ᠶᠡᠭᠡ ᠠᠵᠤ ᠠᠬᠤᠢ ᠨᠡᠶᠢᠭᠡᠮ ᠤᠨ ᠦᠷ᠎ᠡ ᠠᠰᠢᠭ ᠣᠯᠵᠤ᠂ ᠪᠣᠯᠣᠳ ᠲᠡᠮᠦᠷ ᠤᠨ ᠦᠢᠯᠡᠳᠪᠦᠷᠢ ᠶᠢᠨ ᠬᠤᠪᠢ ᠵᠠᠶᠠᠭ᠎ᠠ ᠶᠢ ᠲᠦᠢᠯᠪᠤᠷᠢᠲᠠᠢ | ᠬᠤᠪᠢᠷᠠᠭᠤᠯᠤᠭᠰᠠᠨ ᠪᠥᠭᠡᠳ ᠠᠷᠠᠳ ᠤᠯᠠᠨ ᠤ ᠢᠲᠡᠭᠡᠯ ᠵᠣᠷᠢᠭ ᠪᠠ ᠬᠦᠰᠡᠯ ᠡᠷᠡᠮᠡᠯᠵᠡᠯ ᠢ ᠨᠡᠮᠡᠭᠳᠡᠭᠦᠯᠦᠭᠰᠡᠨ ᠪᠠᠶᠢᠨ᠎ᠠ᠃ ᠰᠧᠷᠪᠢᠶ᠎ᠠ ᠶᠢᠨ ᠢᠷᠡᠭᠡᠳᠦᠢ ᠳᠤᠮᠳᠠᠳᠤ | ᠤᠯᠤᠰ ᠲᠠᠢ ᠨᠢᠭᠲᠠ ᠬᠤᠯᠪᠤᠭ᠎ᠠ ᠲᠠᠢ᠃ ᠰᠧᠷᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ᠂ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠪᠠᠨ | ᠨᠢᠭᠲᠠᠷᠠᠭᠤᠯᠵᠤ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠶᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠵᠡᠷᠭᠡ ᠡᠯ᠎ᠡ | ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠤᠨ ᠰᠧᠷᠪᠢᠶ᠎ᠠ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠧᠷᠪᠢᠶ᠎ᠠ ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ | ᠬᠢᠬᠦ ᠶᠢ ᠪᠠᠶᠠᠷᠯᠠᠨ ᠤᠭᠲᠤᠵᠤ᠂ ᠬᠤᠶᠠᠷ ᠤᠯᠤᠰ ᠤᠨ ᠬᠤᠭᠤᠷᠣᠨᠳᠤ ᠨᠡᠩ ᠤᠯᠠᠨ ᠰᠢᠭᠤᠳ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠨᠠᠪᠲᠠᠷᠡᠭᠦᠯᠵᠦ᠂ | ᠰᠧᠷᠪᠢᠶ᠎ᠠ ᠳᠤᠮᠳᠠᠳᠤ ᠶᠢᠨ ᠴᠢᠯᠦᠭᠡᠲᠦ ᠠᠷᠠᠯᠵᠢᠶᠠᠨ ᠤ ᠵᠥᠪᠳᠡᠯᠴᠡᠭᠡᠷ ᠬᠦᠴᠦᠨ ᠲᠠᠢ ᠪᠣᠯᠤᠭᠰᠠᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠠᠵᠤ | ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠤᠯᠠᠮ ᠥᠷᠭᠡᠳᠬᠡᠬᠦ ᠶᠢ ᠬᠦᠰᠡᠵᠦ ᠪᠠᠶᠢᠨ᠎ᠠ᠃ ᠥᠨᠥᠳᠥᠷ ᠪᠢᠳᠡ ᠰᠧᠷᠪᠢᠶ᠎ᠠ ᠳᠤᠮᠳᠠᠳᠤ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠧᠷᠪᠢᠶ᠎ᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠂ ᠡᠨᠡ ᠨᠢ ᠯᠠᠪᠲᠠᠢ ᠰᠧᠷᠪᠢᠶ᠎ᠠ ᠳᠤᠮᠳᠠᠳᠤ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ | ᠪᠤᠯᠬᠤ ᠶᠤᠮ᠃ ᠰᠧᠷᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠡᠷᠡᠰ ᠳᠡᠮᠵᠢᠬᠦ ᠪᠥᠭᠡᠳ ᠢᠳᠡᠪᠬᠢᠲᠡᠢ | ᠣᠷᠣᠯᠴᠠᠵᠤ᠂ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠵᠡᠷᠬᠡᠭᠯᠡᠯ ᠬᠦᠴᠦᠷᠬᠡᠭᠯᠡᠯ ᠢ | ᠬᠠᠮᠲᠤ ᠪᠠᠷ ᠡᠰᠡᠷᠭᠦᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠶᠢ ᠬᠠᠮᠠᠭᠠᠯᠠᠵᠤ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ︽ᠳᠤᠮᠳᠠᠳᠤ ᠰᠧᠷᠪᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠭᠰᠠᠨ ᠪᠥᠭᠡᠳ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠡᠯᠧᠺᠳ᠋ᠷᠣᠨ ᠬᠤᠳᠠᠯᠳᠤᠭ᠎ᠠ᠂ ᠰᠠᠭᠤᠷᠢ ᠲᠥᠬᠦᠭᠡᠷᠦᠮᠵᠢ᠂ | ᠠᠵᠤ ᠠᠬᠤᠢ ᠮᠡᠷᠭᠡᠵᠢᠯ᠂ ᠮᠡᠳᠡᠭᠡ ᠵᠠᠩᠭᠢ ᠴᠢᠮᠡᠭᠡ ᠬᠤᠯᠪᠤᠭ᠎ᠠ᠂ ᠠᠮᠤ ᠪᠤᠳᠠᠭ᠎ᠠ᠂ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠢᠶᠠᠨ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠲᠤᠰ ᠡᠳᠦᠷ ᠤᠨ ᠦᠳᠡ ᠳᠤ᠂ ᠥᠴᠢᠴᠢ ᠪᠣᠯᠣᠨ ᠲᠠᠮᠠᠯᠠ ᠰᠧᠷᠪᠢᠶ᠎ᠠ ᠲᠣᠮᠣ ᠠᠰᠠᠷ ᠲᠤ ᠦᠪᠡᠳᠡᠭᠰᠢ ᠶᠡᠭᠡ ᠳᠠᠶᠢᠯᠠᠯᠭ᠎ᠠ ᠬᠢᠵᠦ ᠰᠢ ᠶᠢᠨ ᠫᠢᠩ ᠪᠣᠯᠣᠨ | ᠫᠧᠩ ᠯᠢ ᠶᠤᠸᠠᠨ ᠢ ᠤᠭᠲᠤᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |