︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠭᠢᠯᠭᠠᠨ ᠮᠡᠳᠡᠭᠡ︶ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 | ᠵᠢᠯ ᠤᠨ ᠣᠶ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ᠂ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ | ᠡᠪᠯᠡᠯ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ | ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠤᠸᠠᠩᠫᠦ᠋ ᠴᠡᠷᠢᠭ ᠤᠨ ᠰᠤᠷᠭᠠᠭᠤᠯᠢ ᠪᠣᠯ ᠭᠤᠮᠢᠨᠳᠠᠩ ᠡᠪ ᠬᠠᠮᠲᠤ ᠨᠠᠮ ᠤᠨ ᠠᠩᠬᠠᠳᠤᠭᠠᠷ ᠤᠳᠠᠭ᠎ᠠ ᠶᠢᠨ | ᠬᠠᠮᠲᠤᠷᠠᠯᠴᠠᠭᠠᠨ ᠤ ᠲᠥᠷᠥᠳᠡᠰᠦ ᠮᠥᠨ᠂ ᠮᠠᠨ ᠤ ᠤᠯᠤᠰ ᠤᠨ ᠠᠩᠬᠠᠳᠠᠭᠴᠢ ᠬᠤᠪᠢᠰᠬᠠᠯᠲᠤ ᠴᠡᠷᠢᠭ ᠠᠩᠭᠢ ᠶᠢᠨ ᠺᠠᠳ᠋ᠷᠴᠤᠳ ᠢ ᠬᠥᠮᠥᠵᠢᠭᠦᠯᠦᠭᠰᠡᠨ ᠰᠤᠷᠭᠠᠭᠤᠯᠢ | ᠮᠥᠨ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠲᠠᠢ ᠬᠠᠷᠢᠯᠴᠠᠬᠤ ᠤᠯᠤᠰ ᠢᠶᠠᠨ | ᠬᠠᠶᠢᠷᠠᠯᠠᠬᠤ ᠤᠯᠠᠨ ᠲᠦᠮᠡᠨ ᠤ ᠪᠦᠯᠭᠦᠮ ᠪᠣᠯᠣᠨ᠎ᠠ᠂ ᠪᠠᠶᠢᠭᠤᠯᠤᠭᠳᠠᠭᠰᠠᠨ ᠠᠴᠠ ᠨᠠᠭᠠᠰᠢ ︽ᠬᠤᠸᠠᠩᠫᠦ᠋ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠠᠮᠲᠤ | ᠰᠤᠷᠤᠯᠭᠠᠲᠠᠨ ᠤ ᠬᠠᠶᠢᠷ᠎ᠠ ᠰᠡᠳᠬᠢᠯᠭᠡ ᠪᠠᠨ ᠨᠢᠭᠲᠠᠷᠠᠭᠤᠯᠬᠤ᠂ ᠡᠬᠡ ᠤᠯᠤᠰ ᠤᠨ ᠨᠢᠭᠡᠳᠦᠯ ᠢ ᠠᠬᠢᠭᠤᠯᠬᠤ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ ᠪᠠᠷ | ᠬᠦᠴᠦᠯᠡᠨ ᠴᠢᠷᠮᠠᠶᠢᠬᠤ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠢ | ᠡᠰᠡᠷᠭᠦᠴᠡᠬᠦ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠢᠨ ᠡᠪᠯᠡᠯ ᠪᠠᠶᠢᠭᠤᠯᠤᠭᠰᠠᠨ | ᠵᠣᠷᠢᠯᠲᠠ ᠪᠣᠯᠣᠨ ᠤᠯᠤᠰ ᠲᠦᠷᠦ ᠶᠢᠨ ᠡᠭᠦᠷᠭᠡ ᠶᠢ ᠪᠠᠲᠤ ᠴᠡᠭᠡᠵᠢᠯᠡᠵᠦ᠂ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ ᠬᠤᠸᠠᠩᠫᠦ᠋ ᠶᠢᠨ ᠵᠣᠷᠢᠭ | ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠪᠣᠯᠣᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠨᠠᠭᠰᠢᠳᠠ | ᠴᠢᠩᠭᠠᠳᠬᠠᠵᠤ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠶᠢ ᠪᠠᠲᠤᠳᠬᠠᠵᠤ᠂ | ᠨᠢᠭᠡ ᠰᠡᠳᠬᠢᠯ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠡᠳᠬᠢᠯ ᠰᠠᠨᠠᠭ᠎ᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ | ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠤ ᠬᠢᠨ ᠠᠬᠠᠮᠠᠳ | ᠦᠶ᠎ᠡ ᠶᠢᠨ ᠬᠦᠰᠡᠯ ᠵᠣᠷᠢᠭ ᠢᠶᠠᠨ ᠮᠠᠷᠲᠠᠯ ᠦᠭᠡᠢ ᠪᠠᠷ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ | ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ 17 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ | ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠸᠠᠩ ᠬᠤ᠋ ᠨᠢᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ | ᠵᠢᠴᠢ ᠲᠡᠳᠡᠨ ᠤ ᠲᠦᠷᠦᠯ ᠰᠠᠲᠤᠨ ᠢ ᠢᠮᠠᠭᠲᠠ ᠰᠡᠳᠬᠢᠯ ᠳᠡᠭᠡᠨ ᠪᠤᠳᠤᠵᠤ᠂ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ | ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠲᠤᠰᠬᠠᠶᠢᠯᠠᠨ ᠪᠠᠶᠠᠷ ᠤᠨ ᠵᠠᠬᠢᠳᠠᠯ | ᠢᠯᠡᠭᠡᠵᠦ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠲᠡᠦᠬᠡᠲᠦ ᠭᠠᠪᠢᠶ᠎ᠠ ᠵᠢᠳᠬᠦᠯ ᠪᠣᠯᠣᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ | ᠡᠪᠯᠡᠯ ᠤᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠰᠢᠨᠵᠢ ᠴᠢᠨᠠᠷ | ᠵᠣᠷᠢᠯᠲᠠ ᠪᠣᠯᠣᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ | ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠬᠤᠸᠠᠩᠫᠦ᠋ ᠴᠡᠷᠢᠭ ᠤᠨ | ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ | ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠭᠦᠨ ᠤ ᠲᠦᠷᠦᠯ ᠰᠠᠳᠤᠨ ᠪᠣᠯ | ᠤᠯᠤᠰ ᠢᠶᠠᠨ ᠬᠠᠶᠢᠷᠠᠯᠠᠬᠤ ᠬᠤᠪᠢᠰᠬᠠᠯ ᠤᠨ ᠢᠷᠠᠭᠤ ᠠᠯᠳᠠᠷᠲᠤ ᠲᠡᠦᠬᠡ ᠪᠠ ᠰᠢᠯᠢᠳᠡᠭ ᠤᠯᠠᠮᠵᠢᠯᠠᠯ ᠲᠠᠢ ᠶᠤᠮ᠂ ᠡᠬᠡ ᠤᠯᠤᠰ ᠤᠨ ᠨᠢᠭᠡᠳᠦᠯ ᠪᠠ | ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠮᠥᠨ᠃ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ | ᠬᠤᠸᠠᠩᠫᠦ᠋ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ | ᠬᠠᠮᠲᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠢ᠃ ᠡᠬᠡ | ᠤᠯᠤᠰ ᠤᠨ ᠨᠢᠭᠡᠳᠦᠯ ᠤᠨ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ | ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭ᠎ᠠ ᠪᠠᠨ ᠴᠢᠩᠭᠠᠳᠬᠠᠬᠤ ᠶᠢ | ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠪᠠᠳᠠᠷᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ | ᠨᠠᠷ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠳᠤᠮᠳᠠ ᠶᠠᠪᠤᠬᠤ ᠳᠤᠳᠤᠮ ᠣᠶᠢᠷᠠᠳᠴᠤ᠂ ᠶᠠᠪᠤᠬᠤ ᠳᠤᠳᠤᠮ ᠳᠣᠲᠣᠨᠣ ᠪᠣᠯᠵᠤ᠂ ᠤᠯᠤᠰ ᠤᠨ | ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠡᠷᠡᠭᠲᠡᠢ᠃ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ | ᠬᠤᠭᠤᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ | ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠨᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠴᠢᠭᠯᠡᠯ ᠢ | ᠪᠠᠲᠤ ᠡᠵᠡᠮᠳᠡᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠨᠡᠩ ᠶᠡᠭᠡ ᠦᠢᠯᠡᠳᠦᠯ ᠢᠶᠠᠨ ᠴᠢᠷᠮᠠᠶᠢᠨ | ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ | ᠹᠧᠩ ᠶᠠᠷᠢᠯᠴᠠᠬᠤ ᠬᠤᠷᠠᠯ ᠢ ᠡᠷᠭᠢᠯᠡᠪᠡ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ | ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠤᠯᠠᠨ ᠲᠦᠮᠡᠨ ᠤ ᠪᠦᠯᠭᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠳ᠋ᠦᠩ ᠹᠧᠩ ᠶᠠᠷᠢᠯᠴᠠᠬᠤ ᠬᠤᠷᠠᠯ ᠳᠤ ᠣᠷᠣᠯᠴᠠᠪᠠ᠃ | ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ᠂ ᠲᠠᠶᠢᠸᠠᠨ ᠤ ᠬᠤᠸᠠᠩᠫᠦ᠋ ᠶᠢᠨ ᠬᠠᠮᠲᠤ | ᠰᠤᠷᠤᠯᠭᠠᠲᠠᠨ ᠤ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠦᠯᠭᠦᠮ ᠤᠨ ᠬᠠᠷᠢᠭᠤᠴᠠᠯᠭᠠᠲᠠᠨ ᠨᠥᠬᠦᠳ᠂ | ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ ᠬᠠᠷᠢᠭᠤᠴᠠᠯᠭᠠᠲᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ᠂ ᠰᠢᠶᠠᠩᠭᠠᠩ | ᠣᠣᠮᠧᠨ ᠪᠣᠯᠣᠨ ᠭᠠᠳᠠᠭᠠᠳᠤ ᠳᠠᠬᠢ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠦᠷᠦᠯ ᠰᠠᠳᠤᠨ ᠤ ᠲᠥᠯᠥᠭᠡᠯᠡᠭᠴᠢ᠂ ᠮᠤᠵᠢ ᠶᠢᠨ ᠱᠠᠲᠤᠨ ᠤ ᠬᠤᠸᠠᠩᠫᠦ᠋ | ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ |