ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 18 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠳᠤ ᠴᠢᠬᠤᠯᠠ ᠵᠢᠭᠠᠪᠤᠷᠢ ᠥᠭᠴᠡᠢ᠃ | ᠰᠢ ᠶᠢᠨ ᠫᠢᠩ᠂ ᠣᠶᠢᠷ᠎ᠠ ᠶᠢᠨ ᠬᠤᠭᠤᠴᠠᠭᠠᠨ ᠳᠤ᠂ ᠡᠮᠦᠨᠡᠲᠦ ᠣᠷᠣᠨ ᠤ ᠤᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠯᠠᠵᠤ᠂ ᠭᠤᠸᠠᠩᠳᠦ᠋ᠩ᠂ | ᠹᠦᠵᠢᠶᠠᠨ ᠵᠡᠷᠭᠡ ᠭᠠᠵᠠᠷ ᠲᠤ ᠦᠶᠡᠷ ᠤᠰᠤᠲᠤᠯ ᠪᠠ ᠭᠠᠵᠠᠷ ᠤᠨ ᠭᠠᠮᠰᠢᠭ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠰᠦᠢᠳᠦᠨ | ᠬᠤᠬᠢᠷᠠᠵᠤ᠂ ᠤᠮᠠᠷᠠᠲᠤ ᠣᠷᠣᠨ ᠤ ᠬᠡᠰᠡᠭ ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠰᠢᠷᠦᠭᠦᠰᠴᠦ᠂ ᠡᠮᠦᠨᠡᠲᠦ ᠣᠷᠣᠨ ᠤᠰᠤᠲᠤᠵᠤ ᠤᠮᠠᠷᠠᠲᠤ ᠣᠷᠣᠨ | ᠭᠠᠩᠳᠠᠭᠰᠠᠨ ᠣᠨᠴᠠᠯᠢᠭ ᠢᠯᠡᠷᠬᠡᠢ ᠪᠣᠯᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠮᠰᠢᠭ ᠤᠨ ᠪᠠᠶᠢᠳᠠᠯ ᠢ ᠪᠦᠭᠦ ᠬᠦᠴᠦ ᠪᠠᠷ ᠢᠶᠠᠨ ᠠᠷᠭᠠᠴᠠᠭᠠᠵᠤ᠂ ᠠᠷᠭ᠎ᠠ ᠪᠦᠭᠦᠨ ᠢ ᠰᠦᠪᠡᠭᠴᠢᠯᠡᠨ ᠬᠠᠷᠢᠯᠴᠠᠭ᠎ᠠ ᠲᠠᠰᠤᠷᠠᠬᠰᠠᠨ | ᠬᠥᠮᠥᠰ ᠢ ᠡᠷᠢᠨ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ | ᠪᠠᠲᠤᠯᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃ | ᠰᠢ ᠶᠢᠨ ᠫᠢᠩ᠂ ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠴᠢᠬᠤᠯᠠ ᠬᠤᠭᠤᠴᠠᠭᠠᠨ ᠳᠤ ᠣᠷᠣᠬᠤ ᠶᠢ ᠳᠠᠭᠠᠯᠳᠤᠨ᠂ ᠦᠶᠡᠷ ᠢ ᠰᠡᠷᠭᠡᠶᠢᠯᠡᠬᠦ ᠪᠠᠶᠢᠳᠠᠯ | ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠤ ᠪᠠᠶᠢᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ | ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ | ᠲᠥᠯᠥᠪᠵᠢᠭᠦᠯᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠠᠶᠤᠯ ᠲᠦᠭᠰᠢᠭᠦᠷᠢ ᠭᠡᠮ | ᠰᠣᠭᠤᠭ ᠢ ᠵᠢᠭᠰᠠᠭᠠᠨ ᠪᠠᠶᠢᠴᠠᠭᠠᠵᠤ᠂ ᠲᠣᠨᠣᠭᠯᠠᠯ ᠡᠳ᠋ ᠪᠣᠳᠠᠰ ᠢ ᠭᠦᠢᠴᠡᠳ ᠪᠡᠯᠡᠳᠬᠡᠵᠦ᠂ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ | ᠭᠡᠨᠡᠳᠲᠡ ᠶᠢᠨ ᠬᠡᠷᠡᠭ ᠢ ᠪᠦᠲᠦᠮᠵᠢᠲᠡᠢ ᠠᠷᠭᠠᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |