ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠭᠡᠵᠦ | ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ︽ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ︾ | ᠪᠦᠭᠦ ᠬᠡᠯᠬᠢᠶ᠎ᠡ ᠶᠢᠨ ᠲᠣᠭᠤᠷᠢᠨ ᠳᠤ᠂ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠪᠣᠯᠣᠨ ᠬᠠᠮᠢᠶᠠᠷᠤᠯᠲᠠ ᠶᠢᠨ ᠳᠦᠷᠢᠮ ᠢ ᠤᠯᠠᠮ ᠲᠡᠭᠦᠯᠳᠡᠷᠵᠢᠭᠦᠯᠵᠦ᠂ | ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠢᠳᠡᠪᠬᠢᠲᠡᠢ ᠳᠡᠮᠵᠢᠵᠦ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ | ᠬᠠᠤᠯᠢᠵᠢᠭᠰᠠᠨ ᠵᠠᠷᠴᠢᠮ ᠶᠣᠰᠣᠭᠠᠷ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠲᠣᠭᠲᠠᠭᠤᠨ ᠪᠠᠶᠢᠬᠤ ᠶᠢ ᠬᠥᠲᠥᠯᠥᠨ ᠵᠢᠯᠤᠭᠤᠳᠬᠤ ᠪᠠ ᠭᠤᠣᠯᠳᠠᠯᠭ᠎ᠠ ᠲᠠᠢ | ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠪᠤᠶᠢᠵᠢᠭᠤᠯᠤᠨ ᠬᠥᠭᠵᠢᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠳᠤ 5 ᠲᠠᠯ᠎ᠠ ᠶᠢᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠨᠢᠭᠡ ᠳᠤ᠂ ᠣᠯᠠᠨ | ᠡᠰᠢᠵᠢᠭᠰᠡᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠪᠤᠶᠢᠵᠢᠭᠤᠯᠤᠨ᠎ᠠ᠃ ᠴᠢᠨᠠᠷ ᠰᠠᠶᠢᠲᠠᠢ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠪᠠᠶᠢᠭᠤᠯᠤᠮᠵᠢ ᠶᠢ ᠲᠦᠷᠭᠡᠳᠬᠡᠨ ᠪᠤᠶᠢᠵᠢᠭᠤᠯᠵᠤ᠂ ᠲᠤᠰᠬᠠᠢ ᠮᠡᠷᠭᠡᠵᠢᠯ ᠤᠨ ᠴᠢᠨᠠᠷᠲᠠᠢ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ | ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ᠂ ᠵᠠᠰᠠᠭ ᠤᠨ ᠣᠷᠳᠣᠨ ᠠᠴᠠ ᠪᠡᠯᠡ ᠭᠠᠷᠭᠠᠭᠰᠠᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠦᠢᠯᠡᠳᠦᠯ ᠢ ᠪᠠᠳᠠᠷᠠᠭᠤᠯᠤᠨ᠂ ᠤᠯᠤᠰ ᠤᠨ ᠡᠳ᠋ ᠬᠥᠷᠥᠩᠭᠡ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠬᠤᠶᠠᠷ ᠲᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠶᠢ ᠣᠯᠠᠨ ᠠᠷᠭ᠎ᠠ | ᠵᠠᠮ ᠢᠶᠠᠷ ᠥᠷᠭᠡᠳᠬᠡᠨ᠎ᠡ᠃ ᠪᠡᠯᠡ ᠮᠥᠩᠭᠦ ᠶᠢ ᠣᠷᠳᠣ ᠬᠤᠭᠤᠴᠠᠭ᠎ᠠ ᠪᠠᠷ ᠦᠢᠯᠡᠰ ᠪᠣᠰᠬᠠᠬᠤ ᠪᠡᠯᠡ ᠣᠷᠣᠭᠤᠯᠤᠯᠲᠠ ᠳᠤ ᠣᠷᠣᠭᠤᠯᠬᠤ ᠶᠢ ᠵᠣᠷᠢᠭᠵᠢᠭᠤᠯᠵᠤ᠂ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ | ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠺᠤᠮᠫᠠᠨᠢ ᠶᠢᠨ ᠰᠢᠭᠤᠳ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ | ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ᠂ ᠦᠢᠯᠡᠰ ᠪᠣᠰᠬᠠᠬᠤ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢᠨ ᠦᠢᠯᠡᠳᠬᠦᠨ ᠤ ᠲᠦᠷᠦᠯ ᠵᠦᠢᠯ ᠢ | ᠪᠠᠶᠠᠯᠢᠭᠵᠢᠭᠤᠯᠤᠨ᠎ᠠ᠃ ᠭᠤᠷᠪᠠ ᠳᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠪᠠ ᠵᠦᠷᠢᠶᠡᠴᠢᠯᠡᠭᠰᠡᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠢᠯᠡᠰ ᠪᠣᠰᠬᠠᠬᠤ ᠪᠡᠯᠡ ᠣᠷᠣᠭᠤᠯᠤᠯᠲᠠ ᠬᠢᠭᠡᠳ ᠰᠢᠨ᠎ᠡ ᠶᠢ ᠡᠭᠦᠳᠦᠨ ᠦᠢᠯᠡᠰ ᠪᠣᠰᠬᠠᠬᠤ ᠲᠥᠷᠥᠯ ᠵᠦᠢᠯ ᠢ | ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠤᠰᠬᠠᠢ ᠠᠰᠢᠭ ᠤᠨ ᠠᠵᠤ ᠦᠢᠯᠡᠰᠵᠢᠯᠲᠡ ᠪᠠᠷ ᠳᠤᠮᠳᠠ ᠪᠠᠭ᠎ᠠ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠬᠤ | ᠲᠥᠯᠥᠪᠯᠡᠭᠡ ᠶᠢ ᠬᠡᠷᠡᠭᠵᠢᠭᠦᠯᠦᠨ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠣᠨᠴᠠᠯᠢᠭ ᠲᠤ | ᠨᠡᠶᠢᠴᠡᠭᠰᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠭᠠᠳᠠᠭᠠᠳᠤ ᠨᠡᠭᠡᠭᠡᠯᠲᠡ ᠶᠢ ᠡᠮᠬᠢ | ᠵᠢᠷᠤᠮ ᠲᠠᠢ ᠥᠷᠭᠡᠳᠬᠡᠨ᠎ᠡ᠃ ᠳᠥᠷᠪᠡ ᠳᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠤᠬᠤᠷᠢᠨ ᠭᠠᠷᠬᠤ ᠲᠣᠭᠲᠠᠴᠠ ᠶᠢ ᠪᠦᠷᠢᠨᠰᠢᠭᠦᠯᠦᠨ᠎ᠡ᠃ ᠦᠢᠯᠡᠰ | ᠪᠣᠰᠬᠠᠬᠤ ᠪᠡᠯᠡ ᠣᠷᠣᠭᠤᠯᠤᠯᠲᠠ ᠶᠢᠨ ᠤᠬᠤᠷᠢᠨ ᠭᠠᠷᠬᠤ ᠠᠷᠭ᠎ᠠ ᠵᠠᠮ ᠢ ᠥᠷᠭᠡᠳᠬᠡᠵᠦ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠤᠬᠤᠷᠢᠨ ᠭᠠᠷᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠲᠠᠪᠤ ᠳᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ | ᠪᠤᠢ ᠪᠣᠯᠭᠠᠨ᠎ᠠ᠃ | ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠰ ᠪᠣᠰᠬᠠᠬᠤ | ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ | ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |