︵ᠰᠢᠨᠬᠤᠸᠠ ᠬᠤᠷᠢᠶ᠎ᠠ ᠶᠢᠨ ᠰᠢᠨᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ︶ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ | ᠴᠢᠬᠤᠯᠠᠴᠢᠯᠠᠭᠰᠠᠨ ᠨᠢ᠂ ᠬᠥᠬᠡᠨᠠᠭᠤᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠬᠥᠬᠡᠨᠠᠭᠤᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠲᠤᠰ ᠪᠡᠶ᠎ᠡ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ | ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ᠶᠡᠭᠡ | ᠠᠬᠢᠯᠲᠠ ᠲᠠᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ | ᠰᠢ ᠶᠢᠨ ᠫᠢᠩ ᠭᠤᠯᠤᠭ ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠭᠰᠢ ᠰᠤᠷᠤᠬᠴᠢᠳ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ ᠨᠢ᠃ | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ | ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠲᠤ ᠪᠠᠶᠢᠷᠢᠯᠠᠵᠤ ᠪᠠᠶᠢᠭ᠎ᠠ ᠮᠠᠰᠢᠳᠠ ᠰᠡᠬᠡᠭᠡᠷᠡᠭᠦᠯᠦᠭᠴᠢ ᠬᠡᠶᠢᠳ ᠲᠤ ᠰᠢᠨᠵᠢᠯᠡᠨ ᠪᠠᠶᠢᠴᠠᠭᠠᠵᠤ | ᠪᠠᠶᠢᠭ᠎ᠠ ᠨᠢ᠃ | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠴᠧᠨ ᠭᠠᠩ ᠪᠣᠯᠣᠨ | ᠮᠤᠵᠢ ᠶᠢᠨ ᠳᠠᠷᠤᠭ᠎ᠠ ᠦ᠋ ᠰᠢᠶᠣᠣ ᠵᠢᠶᠦ᠋ᠨ ᠤ ᠪᠠᠷ᠎ᠠ ᠪᠤᠯᠣᠯᠭ᠎ᠠ ᠲᠠᠢ ᠪᠠᠷ ᠰᠢᠨᠢᠩ ᠬᠤᠲᠠ ᠶᠢᠨ ᠰᠤᠷᠭᠠᠭᠤᠯᠢ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠲᠤ | ᠭᠦᠨᠵᠡᠭᠡᠶᠢᠷᠡᠨ ᠪᠠᠶᠢᠴᠠᠭᠠᠨ ᠰᠤᠳᠤᠯᠪᠠ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠯᠤᠭ ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ | ᠰᠢᠨᠵᠢᠯᠡᠨ ᠪᠠᠶᠢᠴᠠᠭᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠳᠤ ᠬᠠᠷᠢᠶᠠᠯᠠᠭᠳᠠᠬᠤ ᠪᠠᠶᠢᠷᠢ ᠳᠤ ᠰᠠᠭᠤᠬᠤ ᠳᠦᠷᠢᠮᠲᠦ | ᠳᠤᠮᠳᠠᠳᠤ ᠰᠤᠷᠭᠠᠭᠤᠯᠢ ᠪᠠᠶᠢᠵᠤ᠂ ᠱᠠᠩᠬᠠᠢ ᠬᠤᠲᠠ ᠠᠴᠠ ᠪᠡᠯᠡ ᠣᠷᠣᠭᠤᠯᠤᠨ ᠲᠤᠰᠠᠯᠠᠨ ᠪᠠᠶᠢᠭᠤᠯᠪᠠ᠃ ᠰᠢ ᠶᠢᠨ ᠫᠢᠩ ᠱᠠᠩᠬᠠᠢ ᠵᠡᠷᠭᠡ ᠵᠡᠭᠦᠨ ᠬᠡᠰᠡᠭ ᠤᠨ | ᠭᠠᠵᠠᠷ ᠣᠷᠣᠨ ᠤ ᠬᠥᠬᠡᠨᠠᠭᠤᠷ ᠤᠨ ᠰᠤᠷᠭᠠᠨ ᠬᠥᠮᠦᠵᠢᠯ ᠤᠨ ᠠᠵᠢᠯ ᠪᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠤᠰᠠᠯᠠᠭᠰᠠᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠰᠤᠷᠤᠬᠴᠢᠳ ᠤᠨ ᠪᠦᠷᠢᠯᠳᠦᠴᠡ᠂ ᠬᠢᠴᠢᠶᠡᠯ ᠤᠨ ᠲᠣᠬᠢᠷᠠᠭᠤᠯᠤᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠲᠡᠯᠢᠭ | ᠬᠡᠯᠡᠨ ᠤ ᠲᠦᠪᠰᠢᠨ ᠵᠡᠷᠭᠡ ᠪᠠᠶᠢᠳᠠᠯ ᠢ ᠨᠠᠷᠢᠯᠢᠭ ᠠᠰᠠᠭᠤᠵᠤ᠂ ᠬᠤᠭᠤᠯᠠᠨ ᠭᠡᠷ᠂ ᠪᠠᠶᠢᠷᠢ ᠶᠢᠨ ᠠᠰᠠᠷ ᠲᠤ ᠣᠷᠣᠵᠤ ᠰᠤᠷᠤᠬᠴᠢᠳ ᠤᠨ ᠬᠤᠭᠤᠯᠠ ᠢᠳᠡᠬᠦ ᠪᠠ | ᠬᠤᠨᠣᠬᠤ ᠨᠥᠬᠦᠴᠡᠯ ᠢ ᠪᠠᠶᠢᠴᠠᠭᠠᠨ ᠦᠵᠡᠵᠦ᠂ ᠬᠤᠭᠤᠯᠠᠨ ᠭᠡᠷ ᠤᠨ ᠠᠵᠢᠯᠲᠠᠳ ᠲᠤ ᠡᠷᠬᠡᠪᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ᠂ | ᠰᠢᠮ᠎ᠡ ᠲᠡᠵᠢᠭᠡᠯ ᠲᠠᠢ ᠠᠮᠲᠠᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠠᠷᠠᠭ᠎ᠠ ᠨᠢ᠂ ᠲᠡᠷᠡ ᠥᠨᠳᠥᠷ ᠳᠤᠮᠳᠠᠳᠤ ᠶᠢᠨ ᠨᠢᠭᠡᠳᠦᠭᠡᠷ ᠣᠨ ᠤ ︵1︶ | ᠠᠩᠭᠢ ᠶᠢᠨ ᠬᠢᠴᠢᠶᠡᠯ ᠤᠨ ᠭᠡᠷ ᠲᠤ ᠬᠦᠷᠴᠦ᠂ ︽ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠲᠣᠭᠤᠷᠢᠨ ᠦᠵᠡᠪᠡ᠃ ᠰᠤᠷᠭᠠᠭᠤᠯᠢ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠭᠤᠯᠭ᠎ᠠ ᠶᠢ ᠡᠳᠦᠷ ᠳᠤᠳᠤᠮ ᠤᠨ ᠵᠢᠭᠠᠨ | ᠰᠤᠷᠭᠠᠯᠲᠠ ᠳᠠᠭᠠᠨ ᠠᠭᠤᠰᠤᠯᠴᠠᠭᠤᠯᠵᠤ᠂ ᠬᠡᠦᠬᠡᠳ ᠤᠳ ᠤᠨ ᠰᠢᠨ᠎ᠡ ᠴᠠᠭ ᠦᠶ᠎ᠡ ᠶᠢᠨ ᠨᠤᠲᠤᠭ ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠬᠤ ᠶᠢ | ᠰᠣᠨᠣᠰᠴᠤ᠂ ᠬᠡᠦᠬᠡᠳ ᠤᠳ ᠤᠨ ᠵᠢᠷᠤᠭ ᠪᠦᠲᠦᠭᠡᠯ ᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭᠠᠨ ᠬᠥᠮᠦᠵᠢᠯ ᠢ ᠪᠠᠭᠲᠠᠭᠠᠭᠰᠠᠨ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠢᠭᠡᠨ ᠭᠤᠣᠯᠳᠠᠯᠭ᠎ᠠ ᠪᠤᠯᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ | ᠦᠶ᠎ᠡ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠭ᠎ᠠ ᠨᠠᠰᠤᠨ ᠠᠴᠠ ᠨᠢ ᠬᠡᠦᠬᠡᠳ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠪᠡ᠃ | ᠵᠢᠭᠠᠨ ᠰᠤᠷᠭᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ᠂ ᠪᠠᠭᠰᠢ ᠰᠤᠷᠤᠬᠴᠢᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ᠂ ᠥᠨᠳᠥᠷ | ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ ᠤᠯᠠᠨ ᠳᠤ᠂ ᠪᠢ ᠰᠢᠨᠢᠩ ᠳᠤ ᠬᠦᠷᠴᠦ ᠢᠷᠡᠭᠰᠡᠨ ᠤ ᠲᠠᠷᠠᠭ᠎ᠠ ᠡᠩ ᠲᠡᠷᠢᠭᠦᠨ ᠳᠤ | ᠪᠠᠭᠰᠢ ᠪᠣᠯᠣᠨ ᠰᠤᠷᠤᠬᠴᠢᠳ ᠢ ᠡᠷᠭᠢᠵᠦ ᠦᠵᠡᠬᠦ ᠪᠠᠷ ᠢᠷᠡᠯ᠎ᠡ᠃ ᠱᠠᠩᠬᠠᠢ ᠠᠴᠠ ᠲᠤᠰᠠᠯᠠᠨ ᠪᠦᠲᠦᠭᠡᠨ ᠪᠠᠶᠢᠭᠤᠯᠤᠭᠰᠠᠨ ᠡᠨᠡ ᠬᠦ ᠳᠤᠮᠳᠠᠳᠤ ᠰᠤᠷᠭᠠᠭᠤᠯᠢ | ᠭᠤᠯᠤᠭ ᠤᠨ ᠮᠠᠯᠵᠢᠬᠤ ᠣᠷᠣᠨ ᠠᠴᠠ ᠢᠷᠡᠭᠰᠡᠨ ᠡᠯ᠎ᠡ ᠦᠨᠳᠦᠰᠦᠲᠡᠨ ᠤ ᠬᠡᠦᠬᠡᠳ ᠢ ᠬᠥᠮᠥᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠲᠦ ᠶᠢᠨ | ᠠᠴᠢ ᠬᠤᠯᠪᠣᠭᠳᠠᠯ ᠲᠠᠢ ᠶᠤᠮ᠃ ᠬᠡᠦᠬᠡᠳ ᠤᠳ ᠠᠳᠡᠬᠢ ᠰᠠᠶᠢᠨ ᠰᠠᠶᠢᠬᠠᠨ ᠨᠥᠬᠦᠴᠡᠯ ᠢ ᠨᠡᠩ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ᠂ ᠰᠠᠶᠢᠲᠤᠷ | ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠠ ᠪᠦᠲᠦᠭᠡᠨ ᠪᠠᠶᠢᠭᠤᠯᠤᠭᠴᠢ ᠪᠤᠯᠬᠤ ᠪᠠᠷ ᠵᠣᠷᠢᠭ ᠰᠢᠭᠤᠳᠴᠤ᠂ ᠥᠪᠡᠷ ᠤᠨ | ᠠᠮᠢᠳᠤᠷᠠᠯ ᠳᠠᠭᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠭᠢᠶᠠᠯ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠳᠣᠲᠣᠨᠣ ᠪᠠᠷ ᠬᠡᠯᠡᠪᠡ᠃ ᠲᠡᠷᠡ | ᠬᠡᠦᠬᠡᠳ ᠤᠳ ᠤᠨ ᠰᠤᠷᠤᠯᠭ᠎ᠠ ᠶᠢᠨ ᠥᠨᠳᠥᠷ ᠠᠮᠵᠢᠯᠲᠠ᠂ ᠡᠷᠡᠭᠦᠯ ᠴᠢᠭᠢᠷᠠᠭ ᠢᠶᠠᠷ ᠥᠰᠦᠨ ᠪᠤᠶᠢᠵᠢᠬᠤ ᠶᠢ ᠬᠦᠰᠡᠨ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠤᠨ ᠮᠠᠰᠢᠳᠠ ᠰᠡᠬᠡᠭᠡᠷᠡᠭᠦᠯᠦᠭᠴᠢ ᠬᠡᠶᠢᠳ ᠲᠤ ᠭᠦᠷᠪᠡ᠃ ᠬᠡᠶᠢᠳ ᠤᠨ | ᠡᠮᠦᠨᠡᠬᠢ ᠬᠦᠷᠢᠶᠡᠨ ᠳᠤ᠂ ᠮᠠᠰᠢᠳᠠ ᠰᠡᠬᠡᠭᠡᠷᠡᠭᠦᠯᠦᠭᠴᠢ ᠬᠡᠶᠢᠳ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠶᠡᠷᠦᠩᠬᠡᠢ | ᠱᠦᠵᠢ ᠳᠤ ᠬᠠᠳᠠᠭ ᠪᠠᠷᠢᠵᠤ᠂ ᠯᠠᠮᠠ ᠬᠤᠸᠠᠷᠠᠭ ᠭᠦᠯᠢᠰ ᠡᠷᠭᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠬᠥᠬᠡᠨᠠᠭᠤᠷ | ᠮᠤᠵᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠤ ᠳᠡᠯᠭᠡᠨ ᠦᠵᠡᠭᠦᠯᠭᠡ ᠵᠡᠷᠭᠡ ᠶᠢ ᠲᠣᠭᠤᠷᠢᠨ ᠦᠵᠡᠵᠦ᠂ ᠰᠦᠮ᠎ᠡ | ᠬᠡᠶᠢᠳ ᠤᠨ ᠲᠡᠦᠬᠡ ᠶᠢᠨ ᠤᠯᠠᠷᠢᠯ ᠬᠤᠪᠢᠰᠤᠯ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ | ᠠᠵᠢᠯ ᠢ ᠬᠠᠯᠠᠮᠵᠢᠯᠠᠨ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ ᠶᠡᠭᠡ ᠳᠤᠭᠠᠩ ᠳᠤ ᠣᠷᠣᠵᠤ᠂ ᠰᠦᠮ᠎ᠡ ᠬᠡᠶᠢᠳ ᠤᠨ ᠡᠳᠦᠷ ᠲᠤᠳᠤᠮ ᠤᠨ | ᠬᠠᠮᠢᠶᠠᠷᠤᠯᠲᠠ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ | ᠰᠢ ᠶᠢᠨ ᠫᠢᠩ᠂ ᠮᠠᠰᠢᠳᠠ ᠰᠡᠬᠡᠭᠡᠷᠡᠭᠦᠯᠦᠭᠴᠢ ᠬᠡᠶᠢᠳ ᠡᠨᠡ ᠬᠦ ᠮᠢᠩᠭᠠᠨ ᠣᠨ ᠤ ᠡᠷᠲᠡᠨ ᠤ ᠰᠦᠮ᠎ᠡ ᠨᠢ ᠤᠯᠠᠨ ᠦᠶ᠎ᠡ ᠶᠢᠨ ᠲᠥᠪ ᠤᠨ ᠵᠠᠰᠠᠭ ᠤᠨ ᠣᠷᠳᠣᠨ | ᠪᠣᠯᠣᠨ ᠲᠥᠪᠡᠳ ᠤᠨ ᠪᠤᠳ᠋ᠳ᠋ᠾᠠ ᠶᠢᠨ ᠱᠠᠰᠢᠨ ᠤ ᠬᠠᠷᠢᠯᠴᠠᠭ᠎ᠠ ᠶᠢ ᠨᠡᠮᠡᠭᠳᠡᠭᠦᠯᠬᠦ ᠲᠠᠯ᠎ᠠ ᠪᠠᠷ ᠴᠢᠬᠤᠯᠠ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠡᠢ᠃ | ᠡᠨᠡ ᠬᠦ ᠬᠤᠪᠣᠷ ᠨᠠᠨᠳᠢᠨ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠠᠴᠠ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ | ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠥᠷᠭᠡᠨ | ᠣᠯᠠᠨ ᠰᠦᠰᠦᠭᠲᠡᠨ ᠣᠯᠠᠨ ᠲᠦᠮᠡᠨ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠵᠤ | ᠪᠠᠶᠢᠨ᠎ᠠ᠃ ᠬᠥᠬᠡᠨᠠᠭᠤᠷ ᠤᠨ ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠲᠠᠢ ᠪᠠᠶᠢᠬᠤ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | 19 ᠤ ᠦᠳᠡ ᠶᠢᠨ ᠡᠮᠦᠨ᠎ᠡ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠥᠬᠡᠨᠠᠭᠤᠷ ᠤᠨ ᠡᠯ᠎ᠡ ᠵᠦᠢᠯ ᠤᠨ ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠬᠥᠬᠡᠨᠠᠭᠤᠷ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠠᠵᠤ | ᠦᠢᠯᠡᠰ ᠤᠨ ᠬᠥᠭᠵᠢᠯᠲᠡ ᠳᠤ ᠡᠷᠬᠡᠪᠰᠢ ᠬᠢᠬᠦ ᠶᠣᠰᠣᠲᠠᠢ ᠶᠢ ᠨᠢ ᠬᠢᠵᠦ᠂ ᠬᠢᠬᠦ ᠴᠢᠬᠤᠯᠠ ᠦᠭᠡᠢ ᠶᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ | ᠭᠠᠵᠠᠷ ᠤᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠡᠬᠢ | ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠶᠢᠨ ᠲᠡᠰ ᠤᠨ ᠳᠠᠪᠤᠰᠤᠨ ᠨᠠᠭᠤᠷ ᠤᠨ ᠠᠵᠤ ᠦᠢᠯᠡᠰ ᠤᠨ ᠰᠠᠭᠤᠷᠢᠨ ᠢ ᠲᠦᠷᠭᠡᠳᠬᠡᠨ | ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠥᠨᠳᠦᠷᠯᠢᠭ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ᠂ | ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠭᠠᠵᠠᠷ ᠢ ᠪᠠᠶᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠰᠢᠨ᠎ᠡ | ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠪᠤᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠨ᠂ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠣᠬᠢᠷᠳᠤᠯ ᠦᠭᠡᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠤᠵᠢ ᠶᠢᠨ ᠳᠣᠲᠣᠷᠠᠬᠢ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠰᠢᠨᠢᠩ᠂ ᠬᠠᠢ ᠳ᠋ᠦᠩ᠂ ᠬᠠᠶᠢᠰᠢ ᠶᠢᠨ ᠲᠤᠯᠭᠠᠭᠤᠷᠢᠯᠠᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠡᠪᠴᠢᠶᠡᠨ ᠤ ᠠᠵᠤ ᠠᠬᠤᠢ᠂ ᠣᠨᠴᠠᠯᠢᠭᠲᠤ ᠠᠵᠤ | ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠰᠢᠰᠲ᠋ᠧᠮ ᠡᠯᠪᠡᠭ ᠪᠠᠶᠠᠯᠢᠭ ᠤᠯᠠᠨ ᠶᠠᠩᠵᠤ ᠶᠢᠨ ᠪᠤᠯᠪᠠᠴᠤ ᠲᠦᠢᠯ ᠤᠨ | ᠬᠡᠪᠡᠷᠡᠭ ᠪᠠᠶᠢᠳᠠᠭ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠪᠠᠷ ᠪᠡᠶᠡᠯᠡᠭᠦᠯᠬᠦ | ᠪᠣᠯ ᠡᠨᠡ ᠬᠦ ᠣᠷᠣᠨ ᠪᠦᠰᠡ ᠶᠢᠨ ᠭᠤᠣᠯ ᠡᠭᠦᠷᠭᠡ ᠪᠣᠯᠣᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ ᠶᠢ ᠢᠮᠠᠭᠲᠠ | ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠭᠤᠣᠯ ᠴᠣᠭᠴᠠ ᠶᠢᠨ | ᠴᠢᠳᠠᠮᠵᠢᠲᠤ ᠣᠷᠣᠨ ᠤ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠨᠠᠭᠤᠷ ᠲᠥᠪᠡᠳ ᠤᠨ ᠥᠨᠳᠦᠷᠯᠢᠭ ᠢ ᠠᠮᠢ | ᠠᠬᠤᠢ ᠶᠢᠨ ᠪᠣᠯᠪᠠᠰᠤᠨ ᠤ ᠥᠨᠳᠦᠷᠯᠢᠭ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠲᠡᠢ᠃ ᠭᠤᠷᠪᠠᠨ ᠮᠥᠷᠡᠨ ᠤ ᠡᠬᠢ ᠶᠢᠨ ᠡᠨᠡ ᠬᠦ ︽ᠳᠤᠮᠳᠠᠳᠤ ᠶᠢᠨ ᠤᠰᠤᠨ ᠰᠤᠪᠤᠷᠭ᠎ᠠ︾ ᠶᠢ ᠰᠠᠶᠢᠲᠤᠷ | ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠭᠦ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠲᠥᠯᠥᠭᠡᠯᠡᠬᠦ ᠴᠢᠨᠠᠷᠲᠠᠢ ᠪᠠ ᠳᠡᠯᠡᠬᠡᠢ ᠳᠤ | ᠨᠥᠯᠥᠭᠡᠯᠡᠬᠦ ᠬᠦᠴᠦᠨ ᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪ ᠳᠠᠭᠤᠷᠢᠶᠠᠯ ᠢ ᠪᠤᠶ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠠᠮᠢ ᠠᠬᠤᠢ ᠲᠠᠢ | ᠨᠥᠭᠦᠷᠰᠡᠭ ᠭᠡᠯᠪᠡᠷᠢ ᠶᠢᠨ ᠠᠵᠤ ᠦᠢᠯᠡᠰ ᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ | ᠬᠢᠷᠢ ᠪᠠᠷ ᠬᠢᠵᠦ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ | ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ | ᠰᠢᠢᠳᠪᠦᠷᠢᠯᠡᠬᠦ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠲᠥᠰᠥᠪᠯᠡᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠬᠦᠷᠦᠯᠴᠡᠬᠦ᠋ᠢᠴᠡ ᠴᠢᠨᠠᠷ ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠵᠤ᠂ | ᠥᠨᠳᠦᠷᠯᠢᠭ ᠤᠨ ᠣᠨᠴᠠᠯᠢᠭᠲᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠣᠷᠭᠠᠨᠢᠭ | ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠥᠨᠳᠦᠷᠯᠢᠭ ᠤᠨ ᠨᠤᠲᠤᠭ ᠤᠨ ᠣᠨᠴᠠ ᠭᠠᠷᠤᠯᠲᠠ ᠶᠢᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ | ᠥᠨᠳᠦᠷᠯᠢᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ | ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ | ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠢ ᠱᠢ ᠱᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ | ᠰᠡᠷᠭᠦᠭᠡᠨ ᠲᠠᠭᠢᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ ᠲᠥᠪᠯᠡᠷᠡᠭᠰᠡᠨ ᠮᠤᠵᠢ ᠪᠣᠯᠣᠨ᠎ᠠ᠂ | ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠰᠢᠭᠢᠳᠦᠨ ᠣᠷᠣᠬᠤ᠂ ᠥᠷᠭᠡᠨ ᠢᠶᠠᠷ ᠶᠠᠪᠤᠯᠴᠠᠵᠤ ᠰᠣᠯᠢᠯᠴᠠᠵᠤ | ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ | ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠶᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠨ᠎ᠠ᠂ ᠦᠨᠡᠨ ᠬᠦ ᠠᠳᠬᠤᠨ ᠪᠣᠳᠠᠲᠠᠢ | ᠰᠤᠷᠤᠯᠴᠠᠵᠤ᠂ ᠰᠠᠶᠢᠲᠤᠷ ᠡᠬᠢᠯᠡᠭᠦᠯᠦᠨ ᠰᠠᠶᠢᠲᠤᠷ ᠲᠡᠭᠦᠰᠬᠡᠵᠦ᠂ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ | ᠣᠶᠢᠯᠠᠭᠠᠬᠤ ᠪᠠᠷ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠭᠤᠣᠯ ᠪᠤᠯᠭᠠᠬᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠠ ᠬᠥᠬᠡᠨᠠᠭᠤᠷ ᠲᠥᠪᠡᠳ ᠤᠨ ᠥᠨᠳᠦᠷᠯᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ | ᠭᠡᠰᠢᠭᠦᠨ᠂ ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠲᠠᠨᠢᠯᠲᠠ ᠪᠠᠨ ᠬᠤᠪᠢᠷᠠᠭᠤᠯᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠨᠠᠭᠰᠢᠳᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ | ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠠᠵᠢᠯ ᠤᠨ ᠲᠣᠭᠲᠠᠴᠠ ᠶᠢ ᠨᠢᠭᠡ ᠴᠣᠭᠴᠠᠵᠢᠭᠤᠯᠤᠨ | ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠲᠥᠪ ᠰᠤᠷᠲᠠᠯ ᠲᠡᠭᠦᠯᠳᠡᠷ ᠨᠡᠶᠢᠭᠡᠮ ᠤᠨ ᠠᠮᠢ ᠠᠬᠤᠢ ᠶᠢ | ᠪᠦᠷᠢᠯᠳᠦᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |