ᠰᠢᠨᠬᠤᠸᠠ ᠬᠤᠷᠢᠶ᠎ᠠ ᠶᠢᠨ ᠢᠷᠭᠠᠢ ᠶᠢᠨ 6 ᠰᠠᠷ᠎ᠠ ᠶᠢᠨ 21 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ | ᠨᠢᠩᠰᠢᠶᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠤᠯᠭᠠᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ | ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ | ᠦᠨᠳᠦᠰᠦᠲᠡᠨ ᠤ ᠪᠦᠯᠬᠦᠮᠳᠡᠯ ᠪᠠ ᠬᠠᠮᠲᠤ ᠪᠠᠷ ᠪᠠᠶᠠᠵᠢᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠠᠵᠤ ᠠᠬᠤᠢ ᠴᠡᠴᠡᠭᠯᠡᠨ ᠬᠥᠭᠵᠢᠭᠰᠡᠨ ᠂ | ᠦᠨᠳᠦᠰᠦᠲᠡᠨ ᠨᠦᠭᠦᠳ ᠪᠦᠯᠬᠦᠮᠳᠡᠭᠰᠡᠨ ᠂ ᠣᠷᠴᠢᠨ ᠲᠣᠭᠤᠷᠢᠨ ᠭᠤᠶᠤ ᠰᠠᠶᠢᠬᠠᠨ ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ | ᠨᠢᠩᠰᠢᠶᠠ ᠶᠢ ᠲᠦᠷᠭᠡᠳᠬᠡᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠢᠩᠰᠢᠶᠠ ᠶᠢᠨ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | | | | 6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ | ᠬᠤᠶᠢᠨ᠎ᠠ ᠰᠢ ᠶᠢᠨ ᠫᠢᠩ ᠢᠷᠭᠠᠢ ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠷᠳᠡᠭᠡ ᠳᠤ ᠡᠮᠨᠡᠯᠭᠡ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | 6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ | ᠬᠤᠶᠢᠨ᠎ᠠ ᠰᠢ ᠶᠢᠨ ᠫᠢᠩ ᠢᠷᠭᠠᠢ ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 6 ᠰᠠᠷ᠎ᠠ ᠶᠢᠨ 19 ᠤ ᠡᠳᠦᠷ ᠰᠢ ᠶᠢᠨ ᠫᠢᠩ ᠬᠥᠬᠡᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠᠨ ᠲᠡᠭᠦᠰᠬᠡᠭᠰᠡᠨ ᠤ ᠳᠠᠷᠠᠭ᠎ᠠ ᠨᠢᠩᠰᠢᠶᠠ ᠳᠤ ᠭᠦᠷᠪᠡ ᠃ | ᠲᠤᠰ ᠡᠳᠦᠷ ᠤᠨ ᠦᠳᠡ ᠶᠢᠨ ᠬᠤᠶᠢᠨ᠎ᠠ ᠲᠡᠷᠡ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠯᠢᠶᠠᠩ ᠶᠠᠨ ᠱᠦᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠵᠠᠩ ᠢᠦᠢ ᠫᠦ᠋ ᠶᠢᠨ ᠪᠠᠷ᠎ᠠ ᠪᠤᠯᠤᠯᠭ᠎ᠠ ᠲᠠᠢ ᠪᠠᠷ ᠢᠷᠭᠠᠢ | ᠬᠤᠳᠠ ᠳᠤ ᠬᠦᠷᠴᠦ ᠪᠠᠶᠢᠴᠠᠭᠠᠨ ᠰᠤᠳᠤᠯᠵᠠᠢ ᠃ | ᠢᠷᠭᠠᠢ ᠬᠤᠲᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ | ᠲᠣᠮᠣ ᠭᠡᠯᠪᠡᠷᠢ ᠶᠢᠨ ᠨᠡᠶᠢᠭᠡᠮ ᠲᠣᠭᠤᠷᠢᠭ ᠪᠣᠯᠣᠨ᠎ᠠ ᠃ ᠰᠢ ᠶᠢᠨ ᠫᠢᠩ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠬᠦᠷᠴᠦ ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠢᠩᠬᠢᠮ ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠥᠷᠲᠡᠭᠡ ᠂ ᠬᠠᠶᠢᠷ᠎ᠠ ᠬᠠᠯᠠᠮᠵᠢᠲᠤ ᠬᠠᠮ ᠳᠡᠯᠭᠡᠭᠦᠷ ᠲᠤ ᠬᠦᠷᠴᠦ ᠂ ᠨᠡᠶᠢᠭᠡᠮ ᠲᠣᠭᠤᠷᠢᠭ ᠤᠨ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ ᠂ ᠨᠡᠶᠢᠭᠡᠮ ᠲᠣᠭᠤᠷᠢᠭ ᠤᠨ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠪᠠᠶᠢᠬᠤ ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠥᠷᠨᠢᠭᠦᠯᠵᠦ | ᠪᠠᠶᠢᠬᠤ ᠪᠠ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠥᠷᠨᠢᠭᠦᠯᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ | ᠲᠠᠷᠠᠭ᠎ᠠ ᠨᠢ ᠲᠡᠷᠡ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠬ ᠲᠤ ᠬᠦᠷᠴᠦ ᠂ ᠰᠠᠭᠤᠭᠠᠯᠢ ᠠᠷᠠᠳ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ ᠂ | ᠪᠥᠵᠢᠭ ᠤᠨ ᠪᠣᠯᠪᠠᠰᠤᠷᠠᠯ ᠢ ᠰᠣᠨᠢᠷᠬᠠᠵᠤ ᠂ ᠤᠯᠠᠨ ᠲᠠᠢ ᠳᠣᠲᠣᠨᠣ ᠪᠠᠷ ᠶᠠᠷᠢᠯᠴᠠᠨ ᠰᠣᠯᠢᠯᠴᠠᠵᠤ ᠂ ᠠᠵᠢᠯ ᠠᠴᠠ ᠪᠠᠨ ᠠᠮᠠᠷᠠᠭᠰᠠᠨ ᠰᠠᠭᠤᠭᠠᠯᠢ ᠠᠷᠠᠳ ᠤᠨ | ᠥᠲᠡᠯᠪᠡᠯ ᠭᠦᠷᠳᠡᠭᠦ ᠠᠰᠠᠷᠠᠮᠵᠢ ᠲᠠᠢ ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠥᠲᠡᠯᠪᠡᠯ ᠬᠢᠬᠦ ᠠᠵᠢᠯ ᠲᠠᠢ ᠪᠠᠶᠢᠬᠤ ᠶᠢ | ᠵᠣᠷᠢᠭᠵᠢᠭᠤᠯᠪᠠ ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ | ᠬᠠᠷᠢᠯᠴᠠᠬᠤ ᠮᠡᠳᠡᠷᠡᠯ ᠤᠨ ᠰᠡᠵᠢᠭᠦᠷ ᠪᠣᠯᠣᠨ᠎ᠠ ᠂ ᠨᠡᠶᠢᠭᠡᠮ ᠲᠣᠭᠤᠷᠢᠭ ᠲᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠃ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠪᠡᠯ ᠨᠡᠶᠢᠭᠡᠮ ᠲᠣᠭᠤᠷᠢᠭ ᠤᠨ ᠠᠵᠢᠯ ᠳᠠᠷᠤᠢ ᠲᠦᠰᠢᠭ ᠲᠤᠯᠭᠠᠭᠤᠷᠢ ᠲᠠᠢ ᠪᠣᠯᠣᠨ᠎ᠠ ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠱᠧᠦ ᠴᠧᠩ ᠤᠨ ᠭᠡᠷ ᠲᠤ ᠬᠦᠷᠴᠦ ᠂ ᠨᠢᠭᠡ ᠭᠡᠷ ᠤᠨ ᠬᠥᠮᠥᠰ ᠲᠠᠢ ᠬᠠᠮᠲᠤ ᠰᠠᠭᠤᠯᠴᠠᠨ | ᠵᠣᠭᠤᠭ ᠳᠡᠯᠭᠡᠵᠦ ᠂ ᠲᠡᠳᠡᠨ ᠤ ᠠᠵᠢᠯ ᠣᠯᠣᠭᠰᠠᠨ ᠂ ᠣᠷᠣᠯᠭ᠎ᠠ ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠂ ᠬᠡᠦᠬᠡᠳ ᠤᠨ ᠬᠢᠨᠢ ᠰᠤᠷᠤᠯᠭ᠎ᠠ ᠵᠡᠷᠭᠡ | ᠪᠠᠶᠢᠳᠠᠯ ᠢ ᠣᠶᠢᠯᠠᠭᠠᠵᠤ ᠂ ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ ᠂ ᠬᠡᠦᠬᠡᠳ ᠤᠨ ᠬᠢᠨᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠵᠣᠷᠢᠭᠵᠢᠭᠤᠯᠪᠠ ᠃ ᠵᠣᠣ ᠱᠧᠦ ᠴᠧᠩ ᠶᠡᠷᠦᠩᠬᠡᠢ ᠱᠦᠵᠢ ᠳᠤ ᠲᠤᠬᠠᠢ ᠶᠢᠨ ᠭᠠᠵᠠᠷ ᠤᠨ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠮᠠᠰᠢ ᠬᠠᠯᠠᠮᠵᠢᠯᠠᠵᠤ ᠂ ᠢᠯᠠᠩᠭᠤᠶ᠎ᠠ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ | ᠮᠠᠰᠢ ᠣᠯᠠᠨ ᠪᠣᠳᠠᠲᠤ ᠶᠠᠪᠤᠳᠠᠯ ᠬᠢᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ ᠲᠣᠭᠤᠷᠢᠭ ᠲᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ ᠂ ᠮᠠᠰᠢ | ᠲᠠᠭᠠᠯᠠᠮᠵᠢᠲᠠᠢ ᠠᠮᠢᠳᠤᠷᠠᠵᠤ ᠪᠠᠶᠢᠨ᠎ᠠ ᠭᠡᠵᠦ ᠬᠡᠯᠡᠵᠦ ᠥᠭᠴᠡᠢ ᠃ ᠰᠢ ᠶᠢᠨ ᠫᠢᠩ᠂ ᠮᠠᠨ ᠤ ᠨᠠᠮ ᠪᠣᠯ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠳᠡᠭ ᠨᠠᠮ ᠮᠥᠨ ᠂ ᠦᠨᠳᠦᠰᠦᠲᠡᠨ ᠨᠦᠭᠦᠳ ᠤᠨ ᠤᠯᠠᠨ ᠲᠦᠮᠡᠨ ᠂ ᠠᠶᠢᠯ ᠡᠷᠦᠭᠡ ᠪᠣᠯᠭᠠᠨ ᠢ ᠪᠢ ᠴᠥᠮ ᠰᠡᠳᠬᠢᠯ ᠳᠡᠭᠡᠨ ᠪᠤᠳᠤᠳᠠᠭ ᠃ ᠲᠠ ᠨᠠᠷ ᠭᠡᠷ | ᠪᠦᠯᠢ ᠶᠢᠨ ᠪᠦᠲᠦᠭᠡᠨ ᠪᠠᠶᠢᠭᠤᠯᠤᠯᠲᠠ ᠪᠠᠨ ᠨᠠᠩ ᠰᠠᠶᠢᠲᠤᠷ ᠬᠢᠵᠦ ᠂ ᠠᠮᠢᠳᠤᠷᠠᠯ ᠢᠶᠠᠨ ᠤᠯᠠᠮ ᠰᠠᠶᠢᠨ ᠪᠤᠯᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ ᠃ | ᠪᠦᠷᠦᠢ ᠪᠤᠯᠬᠤ ᠶᠢᠨ ᠦᠶ᠎ᠡ ᠪᠠᠷ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠲᠦᠢᠯ ᠤᠨ ᠭᠦᠷ ᠬᠥᠭᠵᠢᠶᠡᠨ ᠲᠠᠢ ᠪᠠᠶᠢᠯ᠎ᠠ ᠃ ᠰᠠᠭᠤᠭᠠᠯᠢ ᠠᠷᠠᠳ ᠤᠳ | ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠣᠯᠵᠤ ᠦᠵᠡᠭᠡᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠂ ᠬᠠᠯᠠᠭᠤᠨ ᠢᠶᠠᠷ ᠠᠯᠠᠭ᠎ᠠ ᠲᠠᠰᠢᠵᠤ | ᠤᠭᠲᠤᠪᠠ ᠃ ᠰᠢ ᠶᠢᠨ ᠫᠢᠩ ᠤᠯᠠᠨ ᠳᠤ 4 ᠵᠢᠯ ᠠᠯᠤᠰᠯᠠᠭᠠᠳ ᠪᠢ ᠨᠢᠩᠰᠢᠶᠠ ᠳᠤ ᠳᠠᠬᠢᠨᠲᠠ ᠢᠷᠡᠵᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠡᠷᠭᠢᠨ ᠦᠵᠡᠵᠦ ᠪᠠᠶᠢᠨ᠎ᠠ ᠂ ᠤᠯᠠᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ︕ | ᠳᠤᠮᠳᠠᠳᠤ ᠶᠢᠨ ᠦᠨᠳᠦᠰᠦᠲᠡᠨ ᠪᠣᠯ ᠨᠢᠭᠡ ᠲᠣᠮᠣ ᠭᠡᠷ ᠪᠦᠯᠢ ᠮᠥᠨ ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ | ᠦᠢᠯᠡᠰ ᠢ ᠬᠠᠮᠲᠤ ᠪᠠᠷ ᠪᠦᠲᠦᠭᠡᠬᠦ ᠬᠡᠷᠡᠭᠲᠡᠢ ᠭᠡᠵᠦ ᠳᠣᠲᠣᠨᠣ ᠪᠠᠷ ᠬᠡᠯᠡᠪᠡ ᠃ | 20 ᠤ ᠦᠳᠡ ᠶᠢᠨ ᠡᠮᠦᠨ᠎ᠡ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠨᠢᠩᠰᠢᠶᠠ ᠶᠢᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ ᠃ | ᠰᠢ ᠶᠢᠨ ᠫᠢᠩ᠂ ᠨᠢᠩᠰᠢᠶᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ ᠳᠠᠪᠠᠭᠤᠯᠢᠭ ᠣᠨᠴᠠᠭᠠᠢ ᠂ ᠥᠪᠡᠷᠮᠢᠴᠡ | ᠣᠨᠴᠠᠯᠢᠬᠵᠢᠬᠰᠠᠨ ᠂ ᠵᠥᠷᠢᠶᠡᠴᠢᠯᠡᠭᠰᠡᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠨᠢᠩᠰᠢᠶᠠ ᠶᠢᠨ ᠳᠠᠪᠠᠭᠤᠯᠢᠭ ᠢ ᠢᠯᠡᠷᠡᠭᠦᠯᠦᠭᠰᠡᠨ ᠂ ᠨᠡᠯᠢᠶᠡᠳ | ᠴᠢᠩᠭ᠎ᠠ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠨᠢᠩᠰᠢᠶᠠ ᠶᠢᠨ ᠣᠲᠣ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠭᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠂ ᠰᠠᠯᠬᠢᠨ ᠬᠦᠴᠦᠨ ᠤ ᠴᠠᠭᠢᠯᠭᠠᠨ ᠂ ᠭᠡᠷᠡᠯᠴᠢ ᠴᠡᠨᠡᠭ ᠂ | ᠤᠰᠤᠲᠥ᠋ᠷᠥᠭᠴᠢ ᠡᠨᠧᠷᠭᠢ ᠵᠡᠷᠭᠡ ᠴᠡᠪᠡᠷ ᠡᠨᠧᠷᠭᠢ ᠶᠢᠨ ᠠᠵᠤ ᠦᠢᠯᠡᠰ ᠂ ᠦᠵᠦᠮ ᠤᠨ ᠠᠷᠢᠬᠢ ᠂ ᠴᠢᠨ᠋ᠸ᠎ᠠ ᠶᠢᠨ ᠬᠠᠷᠮᠠᠭ ᠵᠡᠷᠭᠡ ᠣᠨᠴᠠᠯᠢᠭᠲᠤ ᠠᠵᠤ ᠦᠢᠯᠡᠰ ᠢ | ᠨᠠᠷᠢᠯᠢᠭ ᠬᠢᠵᠦ ᠂ ᠦᠷᠭᠦᠯᠵᠢᠯᠡᠨ ᠬᠥᠭᠵᠢᠭᠦᠯᠬᠦ ᠬᠡᠷᠡᠭᠲᠡᠢ ᠃ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ ᠂ ᠣᠨᠴᠠᠯᠢᠭᠲᠤ | ᠵᠢᠭᠤᠯᠴᠢᠯᠠᠯ ᠂ ᠪᠦᠭᠦ ᠣᠷᠣᠨ ᠪᠦᠰᠡ ᠶᠢᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠤᠨ ᠬᠡᠷᠡᠭᠯᠡᠬᠦ ᠡᠷᠴᠢᠮ ᠢ ᠴᠢᠩᠭᠠᠷᠠᠭᠤᠯᠤᠨ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠨᠢᠩᠰᠢᠶᠠ ᠶᠢᠨ ᠬᠤᠶᠢᠲᠤ ᠬᠡᠰᠡᠭ ᠤᠨ ᠬᠠᠲᠤᠨ ᠭᠤᠣᠯ ᠤᠨ ᠤᠰᠤᠯᠠᠯᠲᠠ ᠶᠢᠨ ᠣᠷᠣᠨ ᠂ | ᠳᠤᠮᠳᠠ ᠬᠡᠰᠡᠭ ᠤᠨ ᠭᠠᠩ ᠬᠠᠭᠤᠷᠠᠢ ᠣᠷᠣᠨ ᠪᠦᠰᠡ ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠲᠣᠰ ᠲᠣᠰ ᠤᠨ ᠢᠶᠠᠨ ᠣᠨᠴᠠᠯᠢᠭ ᠲᠠᠢ ᠪᠠᠶᠢᠵᠤ ᠂ ᠡᠯ᠎ᠡ | ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠂ ᠡᠬᠢ ᠪᠠᠶᠠᠯᠢᠭ ᠣᠷᠴᠢᠨ ᠲᠣᠭᠤᠷᠢᠨ ᠤ ᠪᠠᠭᠲᠠᠭᠠᠮᠵᠢ ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ | ᠳᠠᠯᠳᠠ ᠬᠦᠴᠦᠨ ᠢ ᠣᠨᠣᠪᠴᠢᠲᠠᠶ ᠡᠵᠡᠮᠳᠡᠵᠦ ᠂ ᠨᠢᠭᠡᠳᠦᠯᠲᠡᠢ ᠲᠥᠯᠥᠪᠵᠢᠭᠦᠯᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠭᠤᠯᠠ ᠤᠰᠤᠨ | ᠬᠠᠷᠢᠯᠴᠠᠨ ᠲᠦᠰᠢᠯᠴᠡᠭᠰᠡᠨ ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ ᠂ ᠣᠷᠣᠨ ᠪᠦᠰᠡ ᠶᠢ ᠬᠤᠯᠪᠣᠯᠳᠤᠨ ᠬᠥᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠨᠢᠩᠰᠢᠶᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠂ ᠲᠤᠰ ᠭᠠᠵᠠᠷ ᠤᠨ | ᠣᠨᠴᠠᠯᠢᠭ ᠲᠠᠢ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠢ ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠲᠡᠭᠦᠯᠳᠡᠷᠵᠢᠭᠦᠯᠵᠦ ᠂ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠤᠶᠠᠯᠳᠤᠭᠤᠯᠬᠤ ᠶᠢ | ᠪᠠᠷᠢᠮᠲᠠᠯᠠᠨ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ | ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠠᠷᠠᠪ ᠤᠨ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ ᠂ ᠳᠣᠲᠣᠭᠠᠳᠤ ᠡᠬᠡ ᠬᠠᠭᠤᠷᠠᠢ ᠶᠢᠨ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ ᠃ ᠬᠠᠳᠤᠨ ᠭᠤᠣᠯ ᠪᠣᠯᠣᠨ ᠠᠯᠠᠱᠠ ᠠᠭᠤᠯᠠ ᠂ | ᠯᠢᠦ ᠫᠠᠨ ᠱᠠᠨ ᠠᠭᠤᠯᠠ ᠂ ᠯᠥᠸᠧ ᠱᠠᠨ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠨᠢᠩᠰᠢᠶᠠ ᠶᠢᠨ ᠥᠭᠡᠷᠡᠴᠢᠯᠡᠯᠲᠡ | ᠬᠥᠭᠵᠢᠯᠲᠡ ᠶᠢ ᠲᠥᠯᠥᠪᠵᠢᠭᠦᠯᠬᠦ ᠰᠠᠭᠤᠷᠢ ᠪᠤᠯᠬᠤ ᠪᠠᠷᠢᠮᠵᠢᠶ᠎ᠠ ᠪᠣᠯᠣᠨ᠎ᠠ ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠪᠡᠶᠡᠯᠡᠭᠳᠡᠯ ᠤᠨ ᠲᠣᠭᠲᠠᠴᠠ ᠪᠣᠯᠣᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ | ᠬᠡᠷᠡᠭᠵᠢᠭᠦᠯᠬᠦ ᠬᠡᠷᠡᠭᠲᠡᠢ ᠃ ᠬᠠᠲᠤᠨ ᠭᠤᠣᠯ ᠤᠨ ᠶᠡᠭᠡ ᠲᠣᠬᠤᠢ ᠣᠷᠣᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠤᠢ ᠰᠢᠭᠤᠢ ᠂ ᠨᠤᠲᠤᠭ | ᠪᠡᠯᠴᠢᠭᠡᠷ ᠂ ᠨᠤᠭᠤ ᠭᠠᠵᠠᠷ ᠂ ᠴᠦᠯᠯᠡᠷᠭᠡᠭ ᠭᠠᠵᠠᠷ ᠢ ᠬᠠᠮᠠᠭᠠᠯᠠᠨ ᠰᠡᠷᠭᠦᠭᠡᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠂ ︽ ᠠᠷᠤ ᠭᠠᠵᠠᠷ ᠤᠨ ᠵᠢᠶᠠᠩᠨᠠᠨ ︾ ᠢ ᠶᠠᠪᠤᠬᠤ ᠲᠤᠳᠤᠮ ᠦᠵᠡᠰᠬᠦᠯᠡᠩᠲᠦ ᠰᠠᠶᠢᠬᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠲᠦᠭᠡᠮᠡᠯ ᠭᠦᠷᠳᠡᠭᠡᠮᠵᠢᠲᠦ ᠴᠢᠨᠠᠷᠲᠠᠢ ᠂ ᠰᠠᠭᠤᠷᠢᠯᠠᠬᠤ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠠᠵᠢᠯ | ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ ᠂ ᠬᠥᠯᠥᠰᠦᠨ ᠲᠠᠷᠢᠶᠠᠴᠢᠨ ᠂ ᠴᠡᠷᠢᠭ ᠤᠨ | ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠬᠤᠲᠠ ᠶᠢᠨ | ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ ᠃ ᠬᠥᠮᠥᠨ ᠠᠮᠠ ᠶᠢᠨ | ᠰᠢᠯᠵᠢᠯᠲᠡ ᠶᠢᠨ ᠬᠠᠨᠳᠤᠰᠢ ᠳᠤ ᠵᠣᠬᠢᠴᠠᠭᠤᠯᠤᠨ ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠬᠤᠲᠠ ᠬᠥᠳᠡᠭᠡ ᠶᠢᠨ ᠠᠵᠤ ᠦᠢᠯᠡᠰ ᠤᠨ | ᠬᠥᠭᠵᠢᠯᠲᠡ ᠂ ᠰᠠᠭᠤᠷᠢ ᠲᠥᠬᠦᠭᠡᠷᠦᠮᠵᠢ ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ ᠵᠠᠭᠤᠨ ᠲᠦᠮᠡᠨ ᠨᠡᠭᠦᠳᠡᠯ ᠠᠷᠠᠳ ᠢ ᠪᠠᠶᠠᠵᠢᠭᠤᠯᠤᠨ ᠲᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠂ ᠬᠥᠳᠡᠭᠡ ᠲᠣᠰᠬᠤᠨ ᠤ ᠪᠣᠯᠬᠢ ᠳᠠᠳᠬᠠᠯ ᠢ ᠥᠭᠡᠷᠡᠴᠢᠯᠡᠬᠦ ᠶᠢ | ᠠᠬᠢᠭᠤᠯᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠴᠡᠭ ᠲᠣᠭᠲᠠᠭᠠᠨ | ᠬᠠᠪᠰᠤᠷᠤᠨ ᠲᠡᠳᠬᠦᠬᠦ ᠂ ᠨᠡᠶᠢᠭᠡᠮ ᠠᠴᠠ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ | ᠬᠡᠷᠡᠭᠲᠡᠢ ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ | ᠪᠠᠶᠢᠭᠤᠯᠬᠤ ᠬᠡᠷᠡᠭᠲᠡᠢ ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ ᠂ ᠬᠠᠷᠢᠯᠴᠠᠨ ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ | ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠵᠤ ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ | ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ ᠴᠢᠭᠯᠡᠯᠲᠡ | ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ ᠤ ᠡᠲᠡᠭᠡᠳ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ | ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠪᠦᠭᠦ ᠨᠠᠮ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ | ᠠᠳᠬᠤᠵᠤ ᠂ ᠦᠷ᠎ᠡ ᠪᠦᠲᠦᠮᠵᠢ ᠭᠠᠷᠭᠠᠵᠤ ᠂ ᠨᠠᠮ ᠤᠨ ᠭᠡᠰᠢᠭᠦᠨ ᠂ ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ | ᠰᠤᠷᠤᠯᠴᠠᠬᠤ ᠶᠢ ᠠᠬᠢᠭᠤᠯᠵᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠂ ᠰᠡᠳᠬᠢᠯ ᠠᠮᠤᠷ ᠠᠵᠢᠯᠯᠠᠵᠤ ᠂ | ᠵᠣᠷᠢᠭᠲᠠᠢ ᠪᠠᠷ ᠠᠵᠢᠯᠯᠠᠵᠤ ᠂ ᠵᠣᠷᠢᠭᠲᠠᠢ ᠪᠠᠷ ᠡᠷᠡᠮᠡᠬᠡᠶᠢᠯᠡᠨ ᠲᠠᠪᠰᠢᠵᠤ ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠨᠠᠮᠴᠢ ᠴᠢᠨᠠᠷ ᠂ ᠨᠠᠮ ᠤᠨ | ᠰᠤᠷᠲᠠᠯ ᠂ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ | ᠪᠦᠲᠦᠮᠵᠢᠲᠡᠢ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠨᠡᠶᠢᠭᠡᠮ ᠤᠨ ᠬᠡᠪ ᠰᠤᠷᠲᠠᠯ ᠢ ᠬᠥᠲᠥᠯᠥᠨ | ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | |