| ᠪᠥᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ 2024 ᠣᠨ ᠤ ᠪᠥᠬᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠵᠠᠮ ᠬᠠᠷᠢᠯᠴᠠᠭᠠᠨ ᠤ ᠵᠥᠪᠯᠡᠯ ᠤᠨ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠵᠥᠪᠯᠡᠯ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠳᠡᠳ᠋ ᠳᠠᠷᠤᠭ᠎ᠠ ᠸᠠᠩ ᠶᠠ ᠰᠢᠨ ᠬᠤᠷᠠᠯ ᠢ ᠡᠷᠭᠢᠯᠡᠪᠡ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭᠠᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ | ᠣᠷᠣᠯᠴᠠᠵᠤ᠂ 12 ᠠᠶᠢᠮᠠᠭ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | | | | ᠬᠤᠷᠠᠯ ᠤᠨ ᠭᠤᠣᠯ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠪᠣᠯᠤᠨ 6 ᠰᠠᠷ᠎ᠠ ᠶᠢᠨ 13 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠤᠨ᠎ᠠ᠃ | | | | ᠬᠤᠷᠠᠯ ᠠᠴᠠ 2023 ᠣᠨ ᠠᠴᠠ ᠨᠠᠭᠠᠰᠢᠬᠢ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠣᠯᠤᠭᠰᠠᠨ ᠠᠬᠢᠴᠠ ᠶᠢ | ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠪᠣᠯᠤᠨ ᠣᠷᠳᠣᠰ ᠬᠤᠲᠠ ᠶᠢᠨ ᠵᠠᠮ ᠬᠠᠷᠢᠯᠴᠠᠭᠠᠨ ᠤ ᠵᠥᠪᠯᠡᠯ ᠲᠣᠰ ᠲᠣᠰ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ | ᠲᠤᠬᠠᠶ ᠰᠣᠯᠢᠯᠴᠠᠭᠠᠨ ᠤ ᠶᠠᠷᠢᠶ᠎ᠠ ᠲᠠᠯᠪᠢᠪᠠ᠃ | | | | ᠬᠤᠷᠠᠯ ᠠᠴᠠ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠴᠢᠬᠤᠯᠠ | ᠪᠦᠷᠢᠯᠳᠦᠬᠦᠨ ᠬᠡᠰᠡᠭ ᠮᠥᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠶᠢᠨ | ᠴᠢᠬᠤᠯᠠ ᠰᠠᠭᠤᠷᠢ ᠴᠢᠯᠠᠭᠤ ᠪᠣᠯᠬᠤ ᠲᠤᠯᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠬᠢᠭᠡᠳ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠡᠩ ᠡᠷᠡᠰ ᠴᠢᠩᠭ᠎ᠠ ᠣᠪᠣᠷ ᠪᠣᠯᠤᠨ ᠨᠡᠩ ᠶᠡᠭᠡ ᠣᠷᠣᠭᠤᠯᠤᠯᠲᠠ ᠪᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ ᠬᠡᠵᠦ ᠵᠢᠭᠠᠵᠤ ᠭᠠᠷᠭᠠᠪᠠ᠃ | | | | ᠬᠤᠷᠠᠯ ᠠᠴᠠ᠂ ︽ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ︾ | ᠪᠠᠷ ᠶᠡᠷᠦᠩᠬᠡᠢ ᠵᠠᠷᠴᠢᠮ ᠪᠣᠯᠭᠠᠵᠤ᠂ ᠬᠠᠷᠠᠯᠲᠠ᠂ ᠠᠰᠠᠭᠤᠳᠠᠯ᠂ ᠦᠷ᠎ᠡ ᠳ᠋ᠦᠩ ᠤᠨ ︽ᠭᠤᠷᠪᠠᠨ ᠶᠡᠭᠡ ᠤᠳᠤᠷᠢᠳᠤᠮᠵᠢ︾ ᠶᠢ ᠪᠠᠷᠢᠮᠲᠠᠯᠠᠵᠤ᠂ ︽ᠬᠡᠮᠵᠢᠶ᠎ᠡ ᠶᠢ | ᠪᠠᠭᠠᠰᠬᠠᠵᠤ ᠶᠡᠭᠡ ᠶᠢ ᠡᠵᠡᠮᠳᠡᠬᠦ︾᠂ ᠭᠡᠮ ᠠᠷᠬᠠᠭ ᠢ ᠴᠡᠭᠴᠡᠯᠡᠨ ᠵᠠᠰᠠᠬᠤ᠂ ᠠᠮᠤᠷ ᠲᠦᠪᠰᠢᠨ ᠤ ᠤᠬᠠᠭᠤᠯᠭ᠎ᠠ ᠶᠢᠨ ︽ᠭᠤᠷᠪᠠᠨ ᠶᠡᠭᠡ ᠭᠠᠷᠳᠠᠴᠠ︾ ᠳᠤ | ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠬᠤᠳᠠ᠂ ᠳᠡᠭᠡᠳᠦ ᠬᠤᠷᠳᠤ ᠶᠢᠨ ᠵᠠᠮ ᠤᠨ ︽ᠭᠤᠷᠪᠠᠨ ᠶᠡᠭᠡ ᠳᠠᠶᠢᠨ ᠤ ᠲᠠᠯᠠᠪᠤᠷ︾ ᠳᠡᠭᠡᠷ᠎ᠡ | ᠭᠤᠣᠯᠳᠠᠯᠭ᠎ᠠ ᠲᠠᠢ ᠬᠦᠴᠦᠯᠡᠬᠦ ᠬᠡᠷᠡᠭᠲᠡᠢ᠃ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠠᠮᠵᠢᠯᠴᠠᠨ ᠬᠠᠮᠲᠤᠪᠠᠷ ᠵᠠᠰᠠᠬᠤ᠂ ᠠᠳᠡᠯ ᠢ ᠭᠡᠳᠡᠷᠭᠦ | ᠪᠠᠶᠢᠴᠠᠭᠠᠬᠤ ︽ᠭᠤᠷᠪᠠᠨ ᠶᠡᠭᠡ ᠠᠷᠭ᠎ᠠ ᠬᠡᠮᠵᠢᠶ᠎ᠡ︾ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷᠲ᠋ᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ᠂ ᠡᠯ᠎ᠡ ᠱᠠᠲᠤᠨ ᠤ ᠵᠠᠮ ᠬᠠᠷᠢᠯᠴᠠᠭᠠᠨ ᠤ ᠵᠥᠪᠯᠡᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠶᠢᠨ ᠦᠵᠡᠯᠲᠡ ᠪᠠ ᠪᠦᠬᠦ ᠲᠠᠯ᠎ᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯᠯᠠᠭ᠎ᠠ ᠪᠠᠨ | ᠨᠢᠭᠡᠳᠬᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠶ᠃ ᠲᠤᠮᠤ ᠳ᠋ᠠᠶᠢᠲ᠋ᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ | ᠪᠠᠷᠢᠯ ᠢ ᠭᠦᠢᠴᠡᠳ ᠠᠰᠢᠭᠯᠠᠵᠤ᠂ ᠰᠢᠰᠲ᠋ᠧᠮᠲᠦ ᠴᠢᠨᠠᠷᠲᠠᠢ ᠮᠡᠳᠡᠭᠡ ᠵᠠᠩᠭᠢ ᠶᠢᠨ ᠲᠤᠯᠭᠠᠭᠤᠷᠢᠯᠠᠯ ᠢ ᠪᠦᠷᠢᠯᠳᠦᠭᠦᠯᠵᠦ᠂ ᠠᠵᠢᠯ ᠤᠨ ᠪᠠᠷᠠᠭᠠᠯᠬᠢᠯᠠᠯᠳᠤ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠳᠠᠯᠠᠵᠤ᠂ ᠠᠵᠤ ᠠᠬᠤᠶᠢᠯᠠᠯ ᠤᠨ ᠬᠠᠷᠢᠭᠤᠴᠠᠯᠭ᠎ᠠ᠂ ᠠᠮᠤᠷ ᠲᠦᠪᠰᠢᠨ ᠤ ᠣᠷᠣᠭᠤᠯᠤᠯᠲᠠ᠂ ᠪᠣᠯᠪᠠᠰᠤᠷᠠᠯ᠂ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠠᠶᠤᠯ | ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠨ᠂ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ | ᠰᠠᠶᠢᠲᠤᠷ ᠪᠡᠶᠡᠯᠡᠭᠦᠯᠬᠦ ᠳᠤ ᠪᠠᠲᠤ ᠪᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ |