ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ ᠬᠡᠪᠯᠡᠭᠳᠡᠬᠦ 11 ᠳ᠋ᠦ᠋ᠭᠡᠷ ᠬᠤᠭᠤᠴᠠᠭᠠᠨ ᠤ | ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ | ᠪᠣᠯᠵᠤ ᠂ ᠴᠢᠨᠠᠷ ᠰᠠᠶᠢᠲᠠᠢ ᠬᠥᠭᠵᠢᠯᠲᠡ ᠨᠢ ᠭᠤᠣᠯ ᠭᠦᠭ ᠠᠶᠠᠰ ᠪᠣᠯᠪᠠ ᠃ ᠡᠭᠦᠨ ᠤ ᠵᠡᠷᠭᠡ ᠪᠠᠷ ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ | ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠦᠨᠡᠨ ᠬᠦ ᠰᠢᠢᠳᠪᠦᠷᠢᠯᠡᠬᠦ ᠬᠡᠷᠡᠭᠲᠡᠢ ᠃ ᠪᠢᠳᠡ ᠡᠷᠬᠡᠪᠰᠢ ᠴᠢᠨᠠᠷ | ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠭᠡᠳᠡᠭ ᠢ ᠪᠠᠲᠤ ᠴᠡᠭᠡᠵᠢᠯᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠬᠤ ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠭᠠᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ | ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ᠃ ᠪᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ ᠡᠨᠡ ᠬᠦ ᠤᠬᠠᠭᠳᠠᠬᠤᠨ ᠪᠠ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠡᠨᠡ ᠬᠦ ᠴᠢᠬᠤᠯᠠ ᠶᠡᠭᠡ ᠡᠭᠦᠷᠭᠡ ᠶᠢ ᠳᠤᠷᠠᠳᠤᠨ ᠭᠠᠷᠭᠠᠭᠰᠠᠨ ᠤ ᠭᠤᠣᠯ ᠪᠣᠳᠣᠯᠬᠢᠯᠠᠯ ᠪᠣᠯ ᠄ | ᠦᠢᠯᠡᠳᠪᠦᠷᠢᠯᠡᠯ ᠤᠨ ᠬᠦᠴᠦᠨ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠳᠦᠰᠦᠨ ᠬᠥᠳᠡᠯᠭᠡᠬᠦ ᠬᠦᠴᠦᠨ ᠮᠥᠨ ᠂ ᠪᠠᠰᠠ ᠴᠤ ᠠᠯᠢᠪᠠ | ᠨᠡᠶᠢᠭᠡᠮ ᠤᠨ ᠬᠤᠪᠢᠰᠤᠯᠲᠠ ᠪᠠ ᠤᠯᠤᠰ ᠲᠦᠷᠦ ᠶᠢᠨ ᠬᠤᠪᠢᠰᠤᠯᠲᠠ ᠶᠢᠨ ᠡᠴᠦᠰ ᠤᠨ ᠰᠢᠯᠲᠠᠭᠠᠨ ᠮᠥᠨ ᠃ ᠴᠢᠨᠠᠷ ᠰᠠᠶᠢᠲᠠᠢ ᠬᠥᠭᠵᠢᠯᠲᠡ ᠨᠢ ᠰᠢᠨ᠎ᠡ | ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠣᠭᠤᠳᠤᠭᠤᠯᠬᠤ ᠶᠢ ᠱᠠᠭᠠᠷᠳᠠᠵᠤ ᠂ ᠬᠠᠷᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ | ᠦᠢᠯᠡᠳᠦᠯᠭᠡ ᠶᠢᠨ ᠳᠤᠮᠳᠠ ᠨᠢᠭᠡᠨᠲᠡ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠬᠢᠭᠤᠯᠬᠤ ᠬᠦᠴᠦᠨ ᠂ ᠲᠤᠯᠭᠠᠭᠤᠷᠢᠯᠠᠬᠤ ᠬᠦᠴᠦᠨ ᠢ ᠪᠦᠷᠢᠯᠳᠦᠭᠦᠯᠵᠦ | ᠥᠭᠭᠦᠭᠰᠡᠨ ᠪᠥᠭᠡᠳ ᠢᠯᠡᠷᠡᠭᠦᠯᠦᠭᠰᠡᠨ ᠪᠠᠶᠢᠨ᠎ᠠ ᠂ ᠪᠢᠳᠡ ᠤᠨᠤᠯ ᠤᠨ ᠲᠠᠯ᠎ᠠ ᠪᠠᠷ ᠳ᠋ᠦᠩᠨᠡᠵᠦ ᠬᠤᠷᠢᠶᠠᠩᠭᠤᠶᠢᠯᠠᠵᠤ ᠪᠠᠶᠢᠭᠠᠳ ᠰᠢᠨ᠎ᠡ ᠬᠥᠭᠵᠢᠯᠲᠡ ᠶᠢᠨ | ᠦᠢᠯᠡᠳᠦᠯᠭᠡ ᠶᠢ ᠵᠢᠯᠣᠭᠤᠳᠤᠭᠤᠯᠬᠤ ᠴᠢᠬᠤᠯᠠᠲᠠᠢ ᠶᠤᠮ ᠃ ᠬᠤᠷᠢᠶᠠᠩᠭᠤᠶᠢᠯᠠᠭᠠᠳ ᠬᠡᠯᠡᠪᠡᠯ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ | ᠡᠭᠦᠳᠬᠦ ᠳᠤ ᠭᠤᠣᠯᠯᠠᠬᠤ ᠦᠢᠯᠡᠳᠦᠯ ᠦᠵᠡᠭᠦᠯᠵᠦ ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠂ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ ᠂ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠂ ᠥᠨᠳᠥᠷ ᠪᠦᠲᠦᠮᠵᠢᠲᠡᠢ ᠂ ᠴᠢᠨᠠᠷ ᠰᠠᠶᠢᠲᠠᠢ | ᠣᠨᠴᠠᠯᠢᠭ ᠲᠠᠢ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠲᠠᠢ ᠪᠠᠶᠢᠳᠠᠯ | ᠪᠣᠯᠣᠨ᠎ᠠ ᠃ ᠲᠡᠷᠡ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ | ᠲᠣᠬᠢᠷᠠᠭᠤᠯᠤᠯᠲᠠ ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠴᠠ ᠪᠣᠯᠵᠤ ᠪᠤᠶ ᠪᠣᠯᠵᠤ ᠂ ᠬᠥᠳᠡᠯᠮᠦᠷᠢᠴᠢᠨ ᠂ | ᠭᠦᠳᠡᠯᠮᠦᠷᠢ ᠶᠢᠨ ᠬᠡᠷᠡᠭᠰᠡᠯ ᠂ ᠭᠦᠳᠡᠯᠮᠦᠷᠢ ᠶᠢᠨ ᠡᠲᠡᠭᠡᠳ ᠵᠢᠴᠢ ᠲᠡᠭᠦᠨ ᠢ ᠰᠢᠯᠢᠳᠡᠭᠵᠢᠭᠦᠯᠦᠨ ᠨᠡᠶᠢᠳᠬᠡᠬᠦ ᠶᠢᠨ ᠦᠰᠦᠷᠦᠯᠲᠡ ᠪᠠᠷ ᠦᠨᠳᠦᠰᠦᠨ ᠠᠭᠤᠯᠤᠭᠳᠠᠬᠤᠨ | ᠪᠤᠯᠭᠠᠵᠤ ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ ᠂ ᠣᠨᠴᠠᠯᠢᠭ ᠨᠢ ᠰᠢᠨ᠎ᠡ ᠶᠢ | ᠡᠭᠦᠳᠬᠦ ᠳᠤ ᠪᠠᠶᠢᠵᠤ ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠠᠶᠢᠵᠤ ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠶ ᠭᠡᠵᠦ ᠵᠢᠭᠠᠵᠤ | ᠭᠠᠷᠭᠠᠪᠠ ᠃ | ᠵᠣᠬᠢᠶᠠᠯ ᠳᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠢᠯᠡᠷᠬᠡᠢ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ ᠂ ᠡᠭᠦᠨ ᠳᠤ | ᠮᠡᠷᠭᠡᠵᠢᠯ ᠪᠣᠯᠣᠨ ᠡᠵᠡᠩᠨᠡᠯᠲᠡ ᠶᠢᠨ ᠭᠡᠯᠪᠡᠷᠢ ᠶᠢᠨ ᠵᠠᠭᠪᠤᠷ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠪᠥᠭᠡᠳ ᠪᠠᠰᠠ ᠬᠠᠮᠢᠶᠠᠷᠤᠯᠲᠠ ᠪᠣᠯᠣᠨ | ᠳᠦᠷᠢᠮ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠨ᠎ᠠ ᠃ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠨᠢᠭᠡᠳᠦᠭᠡᠷ ᠲᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠶᠡᠭᠡ ᠪᠠᠷ ᠠᠬᠢᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠭᠤᠣᠯᠳᠠᠭᠤ ᠮᠡᠷᠭᠡᠵᠢᠯ ᠤᠨ ᠬᠤᠪᠢᠰᠬᠠᠯᠲᠤ ᠴᠢᠨᠠᠷᠲᠠᠢ | ᠰᠢᠪᠲᠤᠯᠤᠯᠲᠠ ᠠᠴᠠ ᠪᠤᠢ ᠪᠣᠯᠤᠭᠰᠠᠨ ᠶᠤᠮ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠰᠢᠨ᠎ᠡ ᠠᠵᠤ ᠦᠢᠯᠡᠰ ᠂ ᠰᠢᠨ᠎ᠡ ᠬᠡᠪ | ᠵᠠᠭᠪᠤᠷ ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠴᠢᠳᠠᠬᠤ ᠪᠥᠭᠡᠳ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠯᠠᠬᠤ | ᠬᠦᠴᠦᠨ ᠵᠦᠢᠯ ᠮᠥᠨ ᠃ ᠡᠨᠡ ᠨᠢ ᠪᠢᠳᠡᠨ ᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ | ᠴᠢᠨᠠᠷᠲᠠᠢ ᠂ ᠴᠢᠨᠠᠷ ᠤᠨ ᠬᠤᠪᠢᠰᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ ᠃ | ᠬᠤᠶᠠᠳᠤᠭᠠᠷ ᠲᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢᠨ ᠢᠯᠡᠷᠡᠬᠦ ᠭᠡᠯᠪᠡᠷᠢ ᠨᠢ | ᠰᠢᠨ᠎ᠡ ᠠᠵᠤ ᠦᠢᠯᠡᠰ ᠢ ᠪᠤᠢ ᠪᠤᠯᠭᠠᠵᠤ ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠶᠠᠪᠤᠳᠠᠯ ᠪᠣᠯᠣᠨ᠎ᠠ ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ ᠬᠡᠯᠬᠢᠶ᠎ᠡ ᠳᠤ ᠴᠠᠭ | ᠲᠤᠬᠠᠢ ᠳᠤᠨᠢ ᠬᠡᠷᠡᠭᠯᠡᠵᠦ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠲᠡᠢ ᠃ ᠭᠤᠷᠪᠠᠳᠤᠭᠠᠷ ᠲᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠪᠣᠬᠢᠷᠳᠤᠯ ᠦᠭᠡᠢ | ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠰ ᠪᠡᠶ᠎ᠡ ᠨᠢ ᠳᠠᠷᠤᠢ | ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ ᠮᠥᠨ ᠃ ᠡᠷᠬᠡᠪᠰᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠬᠥᠭᠵᠢᠭᠦᠯᠵᠦ ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠃ | ᠳᠥᠷᠪᠡᠳᠦᠭᠡᠷ ᠲᠤ ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠦᠢᠯᠡᠳᠪᠦᠷᠢᠯᠡᠯ ᠤᠨ | ᠬᠠᠷᠢᠴᠠᠭ᠎ᠠ ᠶᠢ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠲᠡᠭᠦᠨ ᠲᠠᠢ ᠵᠣᠬᠢᠴᠠᠭᠰᠠᠨ | ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ ᠃ ᠲᠠᠪᠤᠳᠤᠭᠠᠷ ᠲᠤ ᠂ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠬᠦ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ ᠂ ᠰᠤᠷᠭᠠᠨ ᠬᠥᠮᠦᠵᠢᠯ ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠰᠢᠯᠤᠭᠤᠳᠬᠠᠵᠤ ᠂ ᠴᠢᠳᠠᠪᠤᠷᠢᠲᠠᠨ ᠢ ᠬᠥᠮᠥᠵᠢᠭᠦᠯᠬᠦ ᠂ ᠣᠷᠣᠭᠤᠯᠤᠨ | ᠠᠪᠴᠢᠷᠠᠬᠤ ᠂ ᠬᠡᠷᠡᠭᠯᠡᠬᠦ ᠂ ᠵᠦᠢ ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ |