ᠲᠦᠷ ᠬᠤᠷᠢᠬᠤ ᠭᠠᠵᠠᠷ ᠲᠤ ᠬᠦᠷᠴᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠬᠢᠨᠲᠠ ᠰᠡᠷᠡᠮᠵᠢᠯᠡᠭᠦᠯᠪᠡ
ᠨᠡᠶᠢᠲᠡᠯᠡᠭᠰᠡᠨ ᠴᠠᠭ᠄
2024/6/6
    5 ᠰᠠᠷ᠎ᠠ ᠶᠢᠨ 28 ᠤ ᠦᠳᠡ ᠶᠢᠨ ᠬᠤᠶᠢᠨ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠶ‌ᠥᠷᠨᠢᠭᠦᠯᠬᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠰᠠᠷ᠎ᠠ ᠵᠢᠴᠢ ᠭᠤᠷᠪᠠᠳᠤᠭᠠᠷ ᠬᠤᠭᠤᠴᠠᠭᠠᠨ ᠤ ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠳᠤ᠂ ᠣᠲᠤᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠠᠭᠠᠨ ᠪᠠᠯᠭᠠᠰᠤ ᠣᠷᠣᠨ ᠤ ᠡᠯ᠎ᠡ ᠠᠩᠭᠢ ᠲᠠᠰᠤᠭ ᠤᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ᠂ ᠭᠤᠤᠯᠳᠠᠯᠭ᠎ᠠ ᠲᠠᠢ ᠠᠵᠢᠯ ᠤᠨ ᠪᠠᠶᠢᠷᠢ᠂ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠣᠲᠤᠭ ᠬᠤᠰᠢᠭᠤᠨ ᠤ ᠬᠤᠷᠢᠭᠤᠯ ᠤᠨ ᠭᠠᠵᠠᠷ ᠤᠨ ᠲᠦᠷ ᠬᠤᠷᠢᠬᠤ ᠭᠠᠵᠠᠷ ᠤᠨ ᠬᠤᠷᠢᠭᠤᠯ ᠤᠨ ᠲᠣᠭᠤᠷᠢᠭ ᠲᠤ ᠲᠣᠭᠤᠷᠢᠨ ᠦᠵᠡᠭᠦᠯᠵᠦ᠂ ᠨᠢᠭᠡ ᠤᠳᠠᠭᠠᠨ ᠤ ᠲᠤᠬᠠᠶ ᠶᠢᠨ ᠲᠠᠯᠠᠪᠤᠷ ᠲᠤ ᠰᠡᠷᠡᠮᠵᠢᠯᠡᠭᠦᠯᠬᠦ ᠬᠥᠮᠦᠵᠢᠯ ᠭᠥᠷᠳᠡᠵᠦ᠂ ᠵᠠᠯᠠᠭᠤ ᠨᠠᠮ ᠤᠨ ᠭᠡᠰᠢᠭᠦᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠰᠡᠷᠡᠮᠵᠢ ᠥᠭᠴᠦ᠂ ᠬᠤᠷᠢᠭ᠎ᠠ ᠱᠤᠭᠤᠮ ᠪᠠ ᠵᠢᠷᠦᠬᠡᠰᠢᠶᠡᠬᠦ ᠶᠢ ᠲᠣᠳᠣᠷᠬᠠᠢ ᠮᠡᠳᠡᠭᠦᠯᠪᠡ᠃
DSC_4890.JPG
     ᠣᠲᠤᠭ ᠬᠤᠰᠢᠭᠤᠨ ᠤ ᠬᠤᠷᠢᠭᠤᠯ ᠤᠨ ᠭᠠᠵᠠᠷ ᠤᠨ ᠲᠦᠷ ᠬᠤᠷᠢᠬᠤ ᠭᠠᠵᠠᠷ ᠤᠨ ᠲᠠᠶᠢᠯᠪᠤᠷᠢᠯᠠᠭᠴᠢ ᠶᠢᠨ ᠵᠢᠯᠣᠭᠤᠳᠣᠯᠭ᠎ᠠ ᠳᠣᠣᠷ᠎ᠠ᠂ ᠣᠯᠠᠨ ᠢᠶᠠᠷ ᠢᠶᠠᠨ ᠲᠦᠷ ᠬᠤᠷᠢᠬᠤ ᠭᠠᠵᠠᠷ ᠤᠨ ᠭᠢᠨᠳᠠᠨ ᠤ ᠲᠣᠭᠤᠷᠢᠭ᠂ ᠠᠵᠢᠯᠯᠠᠭᠠᠨ ᠤ ᠲᠠᠰᠤᠭ᠂ ᠡᠶᠡᠳᠡᠭᠦᠯᠬᠦ ᠲᠠᠰᠤᠭ ᠪᠠ ᠭᠡᠮᠰᠢᠯ ᠤᠨ ᠬᠡᠷᠡᠮ ᠵᠡᠷᠭᠡ ᠡᠯ᠎ᠡ ᠭᠠᠵᠠᠷ ᠢᠶᠠᠷ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠲᠦᠷ ᠬᠤᠷᠢᠭᠳᠠᠭᠰᠠᠨ ᠬᠥᠮᠦᠰ ᠤᠨ ᠠᠮᠢᠳᠤᠷᠠᠯ ᠤᠨ ᠪᠠᠶᠢᠳᠠᠯ ᠢ ᠨᠢᠳᠦ ᠪᠠᠷ ᠢᠶᠠᠨ ᠦᠵᠡᠵᠦ᠂ ᠲᠤᠬᠠᠶ ᠶᠢᠨ ᠲᠠᠯᠠᠪᠤᠷ ᠤᠨ ᠭᠦᠨᠵᠡᠭᠡᠶ ᠣᠶᠢᠯᠠᠭᠠᠯᠲᠠ ᠪᠠ ᠲᠠᠶᠢᠯᠪᠤᠷᠢᠯᠠᠭᠴᠢ ᠶᠢᠨ ᠲᠤᠬᠠᠶ ᠶᠢᠨ ᠲᠠᠯᠠᠪᠤᠷ ᠤᠨ ᠲᠠᠶᠢᠯᠤᠮᠵᠢ ᠪᠠᠷ ᠳᠡᠮᠵᠢᠨ᠂ ᠣᠯᠠᠨ ᠤ ᠰᠡᠳᠬᠢᠯ ᠢ ᠲᠦᠢᠯ ᠤᠨ ᠶᠡᠭᠡ ᠪᠠᠷ ᠬᠦᠨᠳᠡᠵᠦ᠂ ᠬᠠᠤᠯᠢ ᠴᠠᠭᠠᠵᠠ ᠶᠢᠨ ᠰᠦᠷ ᠬᠦᠴᠦᠨ ᠪᠠ ᠡᠷᠬᠡ ᠴᠢᠯᠥᠭᠡ ᠪᠠᠨ ᠠᠯᠳᠠᠬᠤ ᠶᠢᠨ ᠬᠦᠨᠳᠦ ᠨᠦᠰᠡᠷ ᠪᠠᠶᠢᠳᠠᠯ ᠢ ᠭᠦᠨᠵᠡᠭᠡᠶ ᠣᠶᠢᠯᠠᠭᠠᠭᠤᠯᠪᠠ᠃ ᠡᠶᠢᠮᠦᠷᠬᠦ ᠪᠡᠶ᠎ᠡ ᠪᠠᠷ ᠢᠶᠠᠨ ᠣᠷᠣᠯᠴᠠᠭᠰᠠᠨ ᠰᠢᠭ ᠥᠩᠭᠡᠷᠡᠯᠲᠡ ᠨᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠶ ᠦᠷ᠎ᠡ ᠳ᠋ᠦᠩ ᠢ ᠬᠥᠮᠦᠨ ᠨᠢᠭᠡᠪᠦᠷᠢ ᠳᠤ ᠨᠡᠩ ᠰᠡᠷᠭᠡᠭ ᠢᠶᠠᠷ ᠲᠠᠨᠢᠭᠤᠯᠤᠭᠰᠠᠨ ᠪᠥᠭᠡᠳ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢᠨ ᠴᠢᠬᠤᠯᠠ ᠴᠢᠨᠠᠷ ᠢ ᠴᠤ ᠨᠡᠩ ᠲᠣᠳᠣᠷᠬᠠᠶ ᠲᠠᠨᠢᠯᠴᠠᠭᠤᠯᠪᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠪᠠᠷ ᠵᠠᠰᠠᠬᠤ ᠤᠬᠠᠮᠰᠠᠷ ᠪᠠ ᠰᠠᠬᠢᠯᠭ᠎ᠠ ᠪᠠᠲᠤ ᠶᠢᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
DSC_4875.JPG
     ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ᠂ ᠲᠣᠰ ᠤᠳᠠᠭᠠᠨ ᠤ ᠲᠦᠷ ᠬᠤᠷᠢᠬᠤ ᠭᠠᠵᠠᠷ ᠢ ᠲᠣᠭᠤᠷᠢᠨ ᠦᠵᠡᠬᠦ ᠠᠵᠢᠯᠯᠠᠭ᠎ᠠ ᠪᠣᠯ ᠨᠢᠭᠡ ᠤᠳᠠᠭᠠᠨ ᠤ ᠭᠦᠨ ᠰᠠᠭᠤᠭᠳᠠᠯ ᠥᠭᠭᠦᠭᠰᠡᠨ ᠰᠡᠷᠡᠮᠵᠢᠯᠡᠭᠦᠯᠬᠦ ᠬᠥᠮᠦᠵᠢᠯ ᠮᠥᠨ ᠭᠡᠵᠡᠶ᠃ ᠲᠡᠷᠡ ᠨᠢ ᠲᠤᠯᠢ ᠰᠢᠭ ᠢᠶᠠᠷ ᠤᠯᠠᠨ ᠢ ᠴᠠᠭ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ᠂ ᠤᠬᠠᠮᠰᠠᠷ ᠠᠴᠠ ᠪᠠᠨ ᠮᠠᠭᠤ ᠥᠳᠥᠭᠡᠯᠭᠡ ᠶᠢ ᠬᠤᠷᠢᠭᠯᠠᠵᠤ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠭᠦᠨ ᠤ ᠬᠠᠮᠲᠤ ᠪᠠᠰᠠ ᠡᠶᠢᠮᠦᠷᠬᠦ ᠰᠡᠷᠡᠮᠵᠢᠯᠡᠭᠦᠯᠦᠯ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠤᠶᠢᠰᠢᠳᠠ ᠶᠢᠨ ᠠᠵᠢᠯ ᠪᠠ ᠠᠮᠢᠳᠤᠷᠠᠯ ᠤᠨ ᠳᠤᠮᠳᠠ ᠪᠠᠨ ᠥᠪᠡᠷ ᠢ ᠪᠠᠨ ᠨᠡᠩ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠤᠯᠢ ᠶᠢ ᠵᠢᠷᠤᠮᠯᠠᠨ ᠰᠠᠬᠢᠵᠤ᠂ ᠵᠥᠪ ᠦᠷᠳᠡᠭ ᠤᠨ ᠦᠵᠡᠯᠲᠡ ᠪᠠ ᠦᠢᠯᠡ ᠠᠵᠢᠯᠯᠠᠭᠠᠨ ᠤ ᠪᠠᠷᠢᠮᠵᠢᠶ᠎ᠠ ᠪᠠᠷ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃ 
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
Baidu
map