ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠥᠳᠲᠥᠷ ᠲᠥᠷᠭᠡᠨ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/6/7
      5 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠷᠢᠳ ᠬᠤᠵᠢᠳ ᠲᠢᠩᠬᠢᠮ ᠤᠨ ᠨᠠᠮ ᠤᠨ ᠬᠤᠷᠢᠶ᠎ᠠ ᠶᠢᠨ 17 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠪᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠬᠤᠲᠠ ᠳᠤ ᠪᠠᠶᠢᠭ᠎ᠠ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
1.jpg
      ᠬᠤᠷᠠᠯ ᠠᠴᠠ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠲᠠᠯᠪᠢᠵᠤ ᠪᠠᠶᠢᠬᠤ ᠶᠢ ᠭᠦᠢᠴᠡᠳ ᠬᠠᠷᠠᠭᠤᠯᠵᠠᠢ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠡᠩ ᠴᠢᠷᠮᠠᠶᠢᠨ ᠰᠠᠶᠢᠲᠤᠷ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠤᠳᠤᠷᠢᠳᠤᠭᠰᠠᠨ ᠪᠠᠶᠠᠯᠢᠭ ᠦᠢᠯᠡᠳᠦᠯᠭᠡ᠂ ᠡᠷᠬᠢᠮ ᠨᠠᠨᠳᠢᠨ ᠲᠤᠷᠰᠢᠯᠭ᠎ᠠ ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠭᠰᠡᠨ ᠴᠢᠬᠤᠯᠠ ᠶᠡᠭᠡ ᠤᠨᠤᠯ ᠤᠨ ᠦᠷ᠎ᠡ ᠪᠦᠲᠦᠭᠡᠯ ᠮᠥᠨ᠂ ᠪᠢᠳᠡᠨ ᠢ ᠵᠢᠯᠣᠭᠤᠳᠤᠨ ᠰᠢᠨ᠎ᠡ ᠴᠠᠭ ᠦᠶ᠎ᠡ ᠰᠢᠨ᠎ᠡ ᠠᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠠᠵᠢᠯᠯᠠᠭᠠᠨ ᠤ ᠵᠦᠭᠯᠡᠭᠦᠷ ᠮᠥᠨ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠶᠢ ᠨᠢᠮᠪᠠᠶ ᠰᠠᠶᠢᠲᠤᠷ ᠠᠳᠬᠤᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢ ᠬᠥᠲᠥᠯᠦᠨ ᠵᠢᠯᠣᠭᠤᠳᠴᠤ ᠪᠠᠶᠢᠭᠠᠳ ᠭᠦᠨᠵᠡᠭᠡᠶ ᠰᠤᠷᠤᠯᠴᠠᠨ ᠨᠡᠪᠲᠡᠷᠬᠡᠶ ᠣᠶᠢᠯᠠᠭᠠᠭᠤᠯᠵᠤ᠂ ᠣᠶᠤᠨ ᠰᠠᠨᠠᠭᠠᠨ ᠳᠤ ᠨᠢ ᠬᠠᠳᠠᠩᠰᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠴᠢᠩᠭᠠᠳᠬᠠᠬᠤ ᠶᠢ ᠢᠮᠠᠭᠲᠠ ᠳᠣᠲᠣᠭᠠᠳᠤ ᠶᠢ ᠬᠠᠮᠠᠭᠠᠯᠠᠬᠤ ᠠᠵᠢᠯ ᠤᠨ ᠲᠡᠷᠢᠭᠦᠨ ᠴᠢᠬᠤᠯᠠ ᠤᠯᠤᠰ ᠲᠥᠷᠥ ᠶᠢᠨ ᠵᠠᠷᠴᠢᠮ ᠪᠣᠯᠭᠠᠵᠤ᠂ ︽ᠳᠣᠲᠣᠭᠠᠳᠤ ᠶᠢ ᠬᠠᠮᠠᠭᠠᠯᠠᠬᠤ ᠨᠠᠮ ᠢᠶᠠᠨ ᠳᠠᠭᠠᠬᠤ︾ ᠤᠯᠤᠰ ᠲᠥᠷᠥ ᠶᠢᠨ ᠰᠢᠨᠵᠢ ᠴᠢᠨᠠᠷ ᠪᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠬᠠᠷᠢᠴᠠᠯᠠᠰᠢᠭᠦᠶ ᠨᠢᠭᠡᠳᠦᠯᠲᠡᠶ ᠪᠠᠶᠢᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠵᠠᠰᠠᠬᠤ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠠᠳᠬᠤᠬᠤ ᠴᠢᠩᠭᠠᠳᠬᠠᠬᠤ ᠴᠡᠭᠴᠡᠯᠡᠬᠦ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ︽ᠶᠡᠭᠡ ᠬᠢᠨᠠᠯᠲᠠ︾ ᠶᠢᠨ ᠪᠠᠶᠢᠷᠢᠰᠢᠯ ᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
2.jpg
      ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠡᠭᠡᠳᠦ ᠬᠡᠮᠵᠢᠶᠡᠨ ᠤ ᠪᠠᠶᠢᠯᠳᠤᠬᠤ ᠪᠤᠳᠤᠯᠭ᠎ᠠ ᠶᠢᠨ ᠰᠡᠷᠭᠡᠭ ᠪᠠᠶᠢᠬᠤ ᠶᠢ ᠢᠮᠠᠭᠲᠠ ᠪᠠᠲᠤᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠤᠬᠠᠮᠰᠠᠷ ᠠᠴᠠ ᠪᠠᠨ ︽ᠨᠠᠮ ᠤᠨ ᠶᠡᠭᠡ ᠪᠤᠳᠤᠯᠭ᠎ᠠ︾᠂ ︽ᠤᠯᠤᠰ ᠤᠨ ᠶᠡᠭᠡ ᠲᠠᠯ᠎ᠠ︾ ᠳᠤ ᠠᠭᠤᠰᠤᠯᠴᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠳᠠᠪᠠᠭᠤᠯᠢᠭ ᠢᠶᠠᠨ ᠪᠠᠳᠠᠷᠠᠭᠤᠯᠵᠤ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠥᠪᠥᠷ ᠮᠣᠩᠭᠤᠯ ᠤᠨ ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ᠂ ᠨᠡᠶᠢᠰᠯᠡᠯ ᠤᠨ ᠬᠤᠲᠠ ᠶᠢ ᠬᠠᠮᠠᠭᠠᠯᠠᠬᠤ ᠭᠤᠣᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠠᠪᠤᠨ ᠶᠡᠭᠡ ᠲᠣᠭᠲᠠᠴᠠ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠠᠮᠤᠷ ᠲᠦᠪᠰᠢᠨ ᠤ ᠶᠢᠰᠦᠨ ᠶᠡᠭᠡ ᠠᠵᠢᠯ ᠤᠨ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠬᠥᠭᠵᠢᠯᠲᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ︽ᠠᠮᠢ ᠠᠬᠤᠢ ᠶᠢᠨ ᠴᠠᠭᠳᠠᠭᠠᠨ ᠤ ᠶᠠᠪᠤᠳᠠᠯ︾ ᠤᠨ ᠴᠣᠬᠢᠯᠲᠠ ᠥᠭᠬᠦ ᠪᠠ ᠰᠡᠷᠭᠡᠶᠢᠯᠡᠬᠦ ᠶᠢ ᠬᠠᠮᠵᠢᠯᠴᠠᠬᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠬᠤ ᠬᠡᠷᠡᠭᠲᠡᠢ᠃ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠠᠰᠠᠭᠤᠳᠠᠯ ᠤᠨ ᠲᠤᠰᠬᠠᠶ ᠵᠠᠰᠠᠯᠲᠠ ᠶᠢ ᠭᠦᠨᠵᠡᠭᠡᠶ ᠥᠷᠨᠢᠭᠦᠯᠵᠦ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠶ ᠪᠠᠶᠢᠯᠭᠠᠬᠤ ᠰᠠᠭᠤᠷᠢ ᠪᠠᠲᠤᠯᠠᠭ᠎ᠠ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠡᠩ ᠰᠠᠶᠢᠲᠤᠷ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠴᠢᠭᠯᠡᠯ ᠢ ᠢᠯᠡᠷᠡᠭᠦᠯᠦᠭᠰᠡᠨ ᠲᠡᠷᠢᠭᠦᠨ ᠤ ᠳᠠᠶᠢᠴᠢᠨ ᠬᠦᠴᠦᠨ ᠤ ᠴᠢᠨᠠᠷ ᠴᠢᠨᠰᠠᠭ᠎ᠠ ᠶᠢ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠬᠠᠲᠠᠭᠤ ᠪᠣᠳᠠᠲᠤ ᠬᠦᠴᠦᠨ ᠢ ᠳᠡᠭᠡᠭᠰᠢᠯᠡᠭᠦᠯᠵᠦ᠂ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠳᠠᠶᠢᠴᠢᠨ ᠬᠦᠴᠦᠨ ᠢ ᠴᠢᠩᠭᠠᠷᠠᠭᠤᠯᠬᠤ︾ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠨ ᠪᠣᠶ ᠪᠣᠯᠭᠠᠬᠤ ᠪᠠ ᠳᠡᠭᠡᠭᠰᠢᠯᠡᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠶᠡᠬᠡᠪᠡᠷ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠲᠠᠯ᠎ᠠ ᠪᠠᠷ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠠᠵᠢᠯ ᠢ ᠪᠣᠳᠣᠯᠬᠢᠯᠠᠬᠤ ᠪᠠ ᠡᠵᠡᠮᠳᠡᠬᠦ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠷᠪᠡᠨ ᠱᠠᠳᠤ ᠶᠢ ᠨᠡᠪᠲᠡᠷᠡᠭᠦᠯᠦᠭᠰᠡᠨ ᠬᠠᠮᠢᠶᠠᠷᠤᠯᠲᠠ ᠶᠢᠨ ᠲᠥᠪ ᠢ ᠴᠢᠩᠭᠠᠳᠬᠠᠬᠤ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ︽ᠠᠯᠲᠠᠨ ᠨᠡᠷ᠎ᠡ ᠶᠢᠨ ᠬᠠᠭᠤᠳᠠᠰᠤ︾ ᠪᠣᠯᠭᠠᠵᠤ᠂ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠭᠠᠳᠠᠭᠠᠳᠤ ᠨᠡᠬᠡᠬᠡᠯᠳᠡ ᠳᠤ ᠬᠦᠴᠦᠨ ᠨᠡᠮᠡᠷᠢᠯᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠡᠩ ᠤᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃
3.jpg
      ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠴᠢᠬᠤᠯᠠ ᠵᠠᠩᠭᠢᠯᠠᠭ᠎ᠠ ᠶᠢᠨ ᠴᠢᠭ ᠤᠯᠠᠨ᠂ ᠲᠤᠮᠤ ᠬᠡᠯᠪᠡᠷᠢ ᠶᠢᠨ ᠠᠵᠢᠯᠯᠠᠭ᠎ᠠ ᠤᠯᠠᠨ ᠵᠡᠷᠭᠡ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠢᠭᠤᠴᠠ ᠮᠡᠳᠡᠭᠡ ᠵᠠᠩᠭᠢ ᠶᠢ ᠴᠤᠭᠯᠠᠭᠤᠯᠤᠨ ᠤᠷᠢᠳᠴᠢᠯᠠᠨ ᠰᠡᠷᠡᠮᠵᠢᠯᠡᠭᠦᠯᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠦᠷᠭᠦᠯᠵᠢᠯᠡᠨ ᠴᠢᠩᠭᠠᠳᠬᠠᠵᠤ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠠᠭᠳᠠᠭ᠎ᠠ ᠶᠢ ᠴᠢᠩᠭ᠎ᠠ ᠵᠠᠰᠠᠬᠤ ᠪᠠ ᠴᠠᠭᠳᠠᠭ᠎ᠠ ᠶᠢ ᠬᠠᠷᠠᠭᠠᠯᠵᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾᠂ ︽ᠵᠢᠷᠭᠤᠭᠠᠨ ᠵᠦᠢᠯ ᠤᠨ ᠲᠣᠭᠲᠠᠭᠠᠯ︾ ᠵᠡᠷᠭᠡ ᠲᠡᠮᠤᠷ ᠮᠡᠲᠦ ᠴᠠᠭᠠᠵᠠ ᠵᠠᠷᠯᠢᠭ ᠢ ᠴᠢᠩᠭ᠎ᠠ ᠬᠡᠷᠡᠭᠵᠢᠭᠦᠯᠵᠦ᠂ ᠴᠠᠭᠳᠠᠭ᠎ᠠ ᠶᠢ ᠬᠠᠷᠠᠭᠠᠯᠵᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠳᠠᠭ᠎ᠠ ᠶᠢ ᠬᠠᠯᠠᠮᠵᠢᠯᠠᠬᠤ ᠴᠠᠭᠳᠠᠭ᠎ᠠ ᠶᠢ ᠬᠠᠷᠠᠭᠠᠯᠵᠠᠬᠤ ᠡᠯ᠎ᠡ ᠵᠦᠢᠯ ᠤᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠳᠤ ᠦᠨᠡᠨ ᠬᠦ ᠳᠠᠮᠵᠢᠭᠤᠯᠵᠤ᠂ ᠥᠷᠭᠡᠨ ᠤᠯᠠᠨ ᠠᠷᠠᠳ ᠤᠨ ᠴᠠᠭᠳᠠᠭ᠎ᠠ ᠶᠢᠨ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤ ᠴᠢᠩᠭ᠎ᠠ ᠲᠦᠰᠢᠭ ᠲᠤᠯᠭᠠᠭᠤᠷᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ
Baidu
map