ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠳᠠ ᠶᠢᠨ ᠲᠦᠷᠢᠮ
ᠨᠡᠶᠢᠲᠡᠯᠡᠭᠰᠡᠨ ᠴᠠᠭ᠄
2022/9/5
                                        ᠬᠡᠬᠡᠨᠳᠤᠶᠠᠭ᠎ᠠ ᠤᠷᠴᠢᠭᠤᠯᠪᠠᠨᠢᠭᠡᠳᠦᠭᠡᠷ ᠪᠦᠯᠦᠭ     ᠶᠡᠷᠦᠩᠬᠡᠢ ᠳᠦᠷᠢᠮ     ᠨᠢᠭᠡᠳᠦᠭᠡᠷ ᠵᠦᠢᠯ᠄ ᠰᠢᠲᠠᠮᠠᠬᠠᠢ ᠬᠡᠢ ᠶᠢᠨ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠰᠢᠲᠠᠮᠠᠬᠠᠢ ᠬᠡᠢ ᠬᠡᠷᠡᠭᠯᠡᠭᠴᠢ ᠪᠠ ᠰᠢᠲᠠᠮᠠᠬᠠᠢ ᠬᠡᠢ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠢᠲᠠᠮᠠᠬᠠᠢ ᠬᠡᠢ ᠶᠢᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠬᠤ ᠲᠦᠯᠦᠬᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠳᠦᠷᠢᠮ ᠢ ᠲᠣᠭᠲᠠᠭᠠᠪᠠ᠃   ᠬᠤᠶᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠲᠠᠮᠠᠬᠠᠢ ᠬᠡᠢ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠦᠢᠯᠡᠴᠢᠯᠡᠭᠡ᠂ ᠬᠡᠷᠡᠭᠯᠡᠯᠲᠡ ᠶᠢᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ ᠪᠠ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠳᠤ ᠲᠣᠰ ᠳᠦᠷᠢᠮ ᠲᠣᠬᠢᠷᠠᠨ᠎ᠠ᠃ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ ᠦᠢᠯᠡᠳᠪᠦᠷᠢᠯᠡᠬᠦ ᠪᠠ ᠭᠠᠳᠠᠭᠠᠳᠤ ᠠᠴᠠ ᠣᠷᠣᠭᠤᠯᠬᠤ᠂ ᠬᠤᠳᠠ ᠶᠢᠨ ᠡᠬᠦᠳᠡᠨ ᠦᠷᠳᠡᠭᠡ ︵城市门站︶ ᠠᠴᠠ ᠭᠠᠳᠠᠨᠠᠬᠢ ᠪᠠᠶᠢᠭᠠᠯᠢ ᠶᠢᠨ ᠰᠢᠲᠠᠮᠠᠬᠠᠢ ᠬᠡᠢ ᠶᠢ ᠳᠠᠮᠵᠢᠭᠤᠯᠬᠤ ᠬᠤᠭᠤᠯᠠᠢ ᠪᠠᠷ ᠳᠠᠮᠵᠢᠭᠤᠯᠬᠤ᠂ ᠰᠢᠲᠠᠮᠠᠬᠠᠢ ᠬᠡᠢ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠪᠣᠯᠭᠠᠨ ᠬᠡᠷᠡᠭᠯᠡᠬᠦ᠂ ᠨᠠᠮᠤᠭ ᠤᠨ ᠬᠡᠢ᠂ ᠡᠰᠢ ᠰᠦᠷᠡᠯ ᠤᠨ ᠬᠡᠢ ᠶᠢ ᠦᠢᠯᠡᠳᠪᠦᠷᠢᠯᠡᠬᠦ ᠪᠠ ᠬᠡᠷᠡᠭᠯᠡᠬᠦ ᠳᠤ ᠳᠤᠰ ᠳᠦᠷᠢᠮ ᠢ ᠬᠡᠷᠡᠭᠯᠡᠬᠦ ᠦᠭᠡᠢ᠃   ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠠᠵᠢᠯ ᠨᠢ ᠨᠢᠭᠡᠳᠦᠯᠲᠡᠢ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂  ᠠᠶᠤᠯᠬᠦᠢ ᠶᠢ ᠲᠡᠷᠢᠭᠦᠨ ᠪᠠᠶᠢᠷᠢᠨ  ᠳᠤ ᠲᠠᠯᠪᠢᠬᠤ᠂ ᠦᠢᠯᠡᠴᠢᠯᠡᠭᠡ ᠶᠢ ᠵᠢᠷᠤᠮᠵᠢᠭᠤᠯᠬᠤ᠂ ᠬᠠᠩᠭᠠᠯᠭ᠎ᠠ ᠶᠢ ᠪᠠᠲᠤᠯᠠᠬᠤ᠂ ᠡᠨᠧᠷᠬᠢ ᠠᠷᠪᠢᠯᠠᠵᠤ  ᠪᠦᠳᠦᠮᠵᠢ ᠰᠠᠶᠢᠳᠠᠢ ᠪᠠᠶᠢᠯᠭᠠᠬᠤ ᠵᠠᠷᠴᠢᠮ ᠢ ᠵᠢᠷᠤᠮᠯᠠᠨ᠎ᠠ᠃   ᠳᠥᠷᠪᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠰᠢᠲᠠᠮᠠᠬᠠᠢ ᠬᠡᠢ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ ᠳᠤ ᠪᠠᠨ ᠣᠷᠣᠭᠤᠯᠵᠤ᠂ ᠰᠢᠲᠠᠮᠠᠬᠠᠢ ᠬᠡᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠰᠢᠲᠠᠮᠠᠬᠠᠢ ᠬᠡᠢ ᠶᠢᠨ ᠦᠢᠯᠡᠰ ᠤᠨ ᠬᠥᠭᠵᠢᠯᠲᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭᠲᠡᠢ᠃   ᠲᠠᠪᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠠᠰᠠᠭ ᠵᠠᠬᠢᠷᠭᠠᠨ ᠤ ᠣᠷᠣᠨ ᠤ ᠪᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠴᠠᠭ ᠠᠭᠤᠷ᠂ ᠪᠠᠴᠢᠮ ᠢ  ᠠᠷᠭᠠᠴᠠᠭᠠᠬᠤ ᠬᠠᠮᠢᠶᠠᠷᠤᠯᠲᠠ᠂ ᠤᠰᠤᠨ ᠤ ᠬᠠᠮᠢᠶᠠᠷᠤᠯᠳᠠ ᠂ ᠠᠮᠢ ᠠᠬᠤᠢ ᠶᠢᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠤᠮᠵᠢ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃   ᠵᠢᠷᠭᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠰᠢᠲᠠᠮᠠᠬᠠᠢ ᠬᠡᠢ ᠶᠢᠨ ᠰᠠᠭᠤᠷᠢ ᠲᠦᠬᠦᠬᠡᠷᠤᠮᠵᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠰᠢᠲᠠᠮᠠᠬᠠᠢ ᠬᠡᠢ ᠶᠢᠨ ᠡᠵᠡᠩᠨᠡᠭᠴᠢ ᠳᠤ ᠬᠢᠨᠠᠯᠲᠠ ᠪᠠᠶᠢᠴᠠᠭᠠᠯᠲᠠ ᠬᠢᠵᠦ᠂ ᠰᠢᠲᠠᠮᠠᠬᠠᠢ ᠬᠡᠢ ᠶᠢᠨ ᠡᠵᠡᠩᠨᠡᠭᠴᠢ ᠶᠢ ᠱᠠᠯᠠᠪᠳᠠᠭᠤᠯᠵᠤ ᠪᠠᠶᠢᠭᠠᠳ ᠰᠢᠲᠠᠮᠠᠬᠠᠢ ᠬᠡᠢ ᠶᠢᠨ ᠬᠡᠷᠡᠭᠯᠡᠭᠴᠢᠳ ᠲᠤ ᠦᠢᠯᠡᠴᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠲᠠᠮᠠᠬᠠᠢ ᠬᠡᠢ ᠶᠢᠨ ᠡᠵᠡᠩᠨᠡᠭᠴᠢ ᠶᠢᠨ ᠦᠢᠯᠡᠳᠪᠦᠷᠢᠯᠡᠯ ᠡᠵᠡᠩᠨᠡᠯᠲᠡ ᠳᠤ ᠦᠨᠡᠯᠡᠯᠲᠡ ᠬᠢᠨ᠎ᠡ᠃   ᠳᠣᠯᠣᠳᠤᠭᠠᠷ ᠵᠦᠢᠯ᠄ ᠰᠢᠳᠠᠮᠠᠬᠠᠢ ᠬᠡᠢ ᠡᠵᠡᠩᠨᠡᠭᠴᠢ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ  ᠶᠢᠨ ᠬᠠᠮᠲᠤ ᠴᠢᠩᠭ᠎ᠠ ᠬᠡᠷᠡᠭᠵᠢᠭᠦᠯᠵᠦ᠂ ᠰᠢᠳᠠᠮᠠᠬᠠᠢ ᠬᠡᠢ ᠶᠢᠨ ᠬᠠᠩᠭᠠᠯᠭ᠎ᠠ ᠶᠢᠨ ᠠᠶᠤᠯᠬᠦᠢ᠂  ᠰᠢᠳᠠᠮᠠᠬᠠᠢ ᠬᠡᠢ ᠶᠢᠨ ᠲᠦᠬᠦᠬᠡᠷᠤᠮᠵᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠳᠠᠮᠠᠬᠠᠢ ᠬᠡᠢ ᠶᠢᠨ ᠡᠵᠡᠩᠨᠡᠯᠲᠡ ᠶᠢᠨ ᠦᠢᠯᠡᠴᠢᠯᠡᠭᠡ ᠳᠤᠮᠳᠠ ᠰᠢᠳᠠᠮᠠᠬᠠᠢ ᠬᠡᠢ ᠬᠡᠷᠡᠭᠯᠡᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠦᠭᠡᠮᠡᠯᠵᠢᠭᠦᠯᠵᠦ᠂  ᠰᠢᠳᠠᠮᠠᠬᠠᠢ ᠬᠡᠢ ᠬᠡᠷᠡᠭᠯᠡᠬᠦ ᠠᠶᠤᠯᠬᠦᠢ ᠦᠢᠯᠡᠴᠢᠯᠡᠭᠡᠨ ᠤ ᠵᠢᠯᠣᠭᠤᠳᠤᠯᠭ᠎ᠠ ᠪᠠ ᠮᠡᠷᠭᠡᠵᠢᠯ ᠤᠨ ᠪᠠᠲᠤᠯᠠᠭ᠎ᠠ ᠶᠢ ᠬᠦᠢᠴᠡᠳᠬᠡᠬᠦ ᠬᠡᠷᠡᠭᠲᠡᠢ᠃ ᠰᠢᠲᠠᠮᠠᠬᠠᠢ ᠬᠡᠢ ᠶᠢᠨ ᠬᠡᠷᠡᠭᠯᠡᠭᠴᠢ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠶᠤᠯᠬᠦᠢ ᠳᠤ ᠬᠠᠷᠢᠭᠤᠴᠠᠬᠤ ᠬᠡᠷᠡᠭᠲᠡᠢ᠂ ᠰᠠᠭᠤᠭᠠᠯᠢ ᠠᠷᠠᠳ ᠪᠤᠰᠤ ᠬᠡᠷᠡᠭᠯᠡᠭᠴᠢ ᠰᠢᠲᠠᠮᠠᠬᠠᠢ ᠬᠡᠢ ᠶᠢᠨ ᠠᠶᠤᠯᠬᠦᠢ ᠶᠢ ᠲᠣᠰ ᠨᠢᠬᠡᠴᠢ ᠶᠢᠨ ᠢᠶᠠᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠬᠡᠷᠡᠭᠲᠡᠢ᠃   ᠨᠠᠢᠮᠠᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠶᠢᠨ ᠠᠶᠤᠯᠬᠦᠢ ᠶᠢᠨ ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠰᠢᠲᠠᠮᠠᠬᠠᠢ ᠬᠡᠢ ᠶᠢᠨ ᠠᠶᠤᠯᠬᠦᠢ ᠶᠢᠨ ᠮᠡᠳᠡᠯᠭᠡ ᠶᠢ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠨᠡᠶᠢᠭᠡᠮ ᠨᠡᠶᠢᠲᠡ ᠶᠢᠨ ᠰᠢᠲᠠᠮᠠᠬᠠᠢ ᠬᠡᠢ ᠶᠢᠨ ᠠᠶᠤᠯᠬᠦᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠰᠢᠲᠠᠮᠠᠬᠠᠢ ᠬᠡᠢ ᠶᠢᠨ ᠠᠳᠡᠯ ᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠤᠳ ᠨᠡᠪᠳᠡᠷᠡᠬᠦᠯᠤᠨ᠂ ᠰᠢᠲᠠᠮᠠᠬᠠᠢ ᠬᠡᠢ  ᠶᠢ ᠠᠶᠤᠯᠬᠦᠢ ᠬᠡᠷᠡᠭᠯᠡᠬᠦ ᠲᠤᠬᠠᠢ ᠤᠯᠠᠨ ᠨᠡᠶᠢᠳᠡ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃   ᠶᠢᠰᠦᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠰᠢᠲᠠᠮᠠᠬᠠᠢ ᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ‍ᠤᠨ‌‍ᠰᠤᠳᠤᠯᠤᠯ ᠢ ᠵᠣᠷᠢᠭᠵᠢᠭᠤᠯᠤᠨ ᠲᠡᠮᠵᠢᠵᠤ᠂  ᠠᠶᠤᠯᠬᠦᠢ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ᠂ ᠦᠷ᠎ᠡ  ᠪᠦᠳᠦᠮᠵᠢ ᠰᠠᠶᠢᠳᠠᠢ᠂ ᠣᠶᠤᠨᠴᠢ ᠰᠢᠲᠠᠮᠠᠬᠠᠢ ᠬᠡᠢ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ  ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠨ᠎ᠡ᠃   ᠠᠷᠪᠠᠳᠤᠭᠠᠷ ᠵᠦᠢᠯ᠄ ᠰᠢᠲᠠᠮᠠᠬᠠᠢ ᠬᠡᠢ ᠶᠢᠨ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ᠠᠵᠢᠯᠯᠠᠭᠠᠨ ᠤ ᠪᠠᠷᠢᠮᠵᠢᠶ᠎ᠠ ᠪᠠ ᠦᠢᠯᠡᠴᠢᠯᠡᠭᠡᠨ ᠤ ᠵᠢᠷᠤᠮᠵᠢᠯ ᠢ ᠬᠠᠤᠯᠢ ᠶᠣᠰᠣᠭᠠᠷ ᠲᠣᠭᠲᠠᠭᠠᠵᠤ᠂ ᠰᠢᠲᠠᠮᠠᠬᠠᠢ ᠬᠡᠢ ᠶᠢᠨ ᠡᠵᠡᠩᠨᠡᠭᠴᠢ ᠶᠢᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠮᠡᠷᠭᠡᠵᠢᠯ ᠢᠶᠠᠨ ᠳᠡᠭᠡᠭᠰᠢᠯᠡᠭᠦᠯᠬᠦ ᠶᠢ ᠨᠢ ᠠᠬᠢᠭᠤᠯᠬᠤ ᠬᠡᠷᠡᠭᠲᠡᠢ᠃ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠡᠪᠯᠡᠯ ᠤᠨ ᠬᠤᠷᠢᠶ᠎ᠠ 
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map