| ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠳᠤᠮᠳᠠ ᠡᠪ ᠬᠠᠮᠲᠤ | ᠵᠠᠯᠠᠭᠤᠴᠤᠳ ᠤᠨ ᠡᠪᠯᠡᠯ ᠤᠨ ᠬᠢᠨ ᠶᠠᠮᠠᠷ ᠶᠠᠮᠠᠷ ᠠᠷᠭ᠎ᠠ ᠠᠪᠤᠭᠰᠠᠨ ᠪᠣᠶ︖ | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠂ | ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠣᠣ ᡁᠢ ᠰᠢᠩ ᠤᠨ ᠬᠠᠷᠢᠭᠤᠯᠳᠠ᠄ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠮᠠᠭᠠᠯᠠᠬᠤ ᠠᠵᠢᠯ ᠢ ᠮᠠᠰᠢᠳᠠ ᠴᠢᠬᠤᠯᠠᠴᠢᠯᠠᠭᠰᠠᠭᠠᠷ ᠢᠷᠡᠪᠡ᠃ ᠡᠪᠯᠡᠯ ᠤᠨ ᠬᠤᠷᠢᠶ᠎ᠠ ᠶᠢᠨ ᠬᠢᠨ | ᠤᠷᠴᠢᠮ ᠤᠨ ᠵᠢᠯ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ᠂ ᠨᠠᠮ ᠳᠤ ᠬᠥᠮᠥᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠦᠴᠦᠲᠡᠢ ᠳᠡᠮᠵᠢᠯᠭᠡ ᠪᠠᠷ ᠰᠤᠷᠤᠯᠭ᠎ᠠ ᠶᠢᠨ ᠲᠤᠰᠠᠯᠠᠮᠵᠢ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠠᠮ ᠤᠨ ᠬᠠᠯᠠᠮᠵᠢᠯᠠᠯ ᠪᠠ | ᠨᠡᠶᠢᠭᠡᠮ ᠵᠢᠷᠤᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ | ︽ᠬᠦᠰᠡᠯ︾ ᠢᠨᠵᠧᠨᠧᠷᠢᠩ ᠢ ᠬᠡᠷᠡᠭᠵᠢᠭᠦᠯᠬᠦ ᠠᠵᠢᠯ ᠢ ᠭᠦᠨᠵᠡᠭᠡᠶᠢᠷᠡᠭᠦᠯᠵᠦ᠂ ᠪᠥᠬᠦ ᠣᠷᠣᠨ ᠤ ᠬᠦᠴᠢᠷᠳᠡᠯ ᠳᠤ | ᠲᠤᠯᠭᠠᠷᠠᠭᠰᠠᠨ ᠬᠡᠦᠬᠡᠳ ᠲᠤ ᠰᠢᠨ᠎ᠡ ᠬᠦᠴᠦᠨ ᠨᠡᠮᠡᠷᠢᠯᠡᠵᠦ᠂ ᠰᠢᠨ᠎ᠡ ᠬᠦᠰᠡᠯ ᠡᠷᠡᠮᠡᠯᠵᠡᠯ ᠢ ᠦᠷ᠎ᠡ ᠰᠠᠴᠤᠬᠰᠠᠨ᠃ | ᠠᠶᠤᠯ ᠠᠴᠠ ᠠᠪᠤᠷᠠᠵᠤ ᠬᠦᠴᠢᠷᠳᠡᠯᠲᠡᠢ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ ᠵᠡᠷᠭᠡ | ᠲᠠᠯ᠎ᠠ ᠪᠠᠷ ︽︿ᠬᠦᠰᠡᠯ﹀ ᠢᠨᠵᠧᠨᠧᠷᠢᠩ · ︿ᠲᠢᠶᠠᠨ ᠰᠢᠶᠠᠩ﹀ ᠰᠠᠭᠤᠷᠢ ᠮᠥᠩᠭᠦ︾᠂ ︽︿ᠬᠦᠰᠡᠯ﹀ | ᠢᠨᠵᠧᠨᠧᠷᠢᠩ 1+1 ︱ ᠬᠤᠸᠠᠨ ᠹᠠᠨᠭ᠌ ᠰᠤᠷᠤᠯᠭ᠎ᠠ ᠶᠢ ᠲᠡᠳᠬᠦᠬᠦ ᠲᠥᠯᠥᠪᠯᠡᠭᠡ︾ ︽ᠭᠤᠸᠠᠩ ᠹᠠ ᠪᠠᠩᠬᠢ ᠶᠢᠨ ︿ | ᠬᠦᠰᠡᠯ﹀ ᠰᠤᠷᠤᠯᠭ᠎ᠠ ᠶᠢᠨ ᠲᠡᠳᠬᠦᠮᠵᠢ ᠶᠢᠨ ᠮᠥᠩᠭᠦ︾ ︽ᠬᠠᠶᠢᠷ᠎ᠠ ᠬᠠᠯᠠᠮᠵᠢ ᠶᠢᠨ ᠲᠡᠭᠳᠡᠬᠡᠬᠡᠢ · ᠬᠦᠰᠡᠯ ᠤᠨ | ᠣᠳᠣᠨ︾ ᠵᠡᠷᠭᠡ ᠨᠡᠶᠢᠲᠡ ᠶᠢᠨ ᠠᠰᠠᠷᠠᠮᠵᠢ ᠶᠢᠨ ᠲᠤᠰᠠᠯᠠᠮᠵᠢ ᠶᠢᠨ ᠲᠥᠷᠥᠯ ᠵᠦᠢᠯ ᠢ ᠥᠷᠨᠢᠭᠦᠯᠬᠦ ᠲᠠᠢ | ᠤᠶᠠᠯᠳᠤᠭᠤᠯᠤᠨ᠂ 636 ᠲᠦᠮᠡ ᠭᠠᠷᠤᠢ ᠲᠥᠭᠦᠷᠢᠭ ᠴᠤᠭᠯᠠᠭᠤᠯᠵᠤ᠂ ᠬᠦᠴᠢᠷᠳᠡᠯ ᠳᠤ ᠲᠤᠯᠭᠠᠷᠠᠭᠰᠠᠨ 5500 | ᠭᠠᠷᠤᠢ ᠵᠠᠯᠠᠭᠤᠴᠤᠳ ᠪᠠᠭᠠᠴᠤᠳ ᠢ ᠬᠠᠪᠰᠤᠷᠤᠨ ᠪᠠᠴᠢᠮᠳᠠᠯ ᠬᠦᠴᠢᠷᠳᠡᠯ ᠵᠤᠪᠠᠨᠢᠯ ᠢ ᠨᠢ ᠰᠢᠢᠳᠪᠦᠷᠢᠯᠡᠵᠦ ᠥᠭᠪᠡ᠃ | ︽ᠬᠦᠰᠡᠯ︾ ᠢᠨᠵᠧᠨᠧᠷᠢᠩ ᠤᠨ ︽ᠵᠠᠯᠠᠭᠤᠴᠤᠳ ᠪᠠᠭᠠᠴᠤᠳ ᠢ ᠬᠠᠯᠠᠮᠵᠢᠯᠠᠬᠤ︾ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢ ᠥᠷᠨᠢᠭᠦᠯᠵᠦ᠂ ᠪᠦᠬᠦ ᠣᠷᠣᠨ ᠤ ᠬᠦᠴᠢᠷᠳᠡᠯ ᠳᠤ ᠲᠤᠯᠭᠠᠷᠠᠭᠰᠠᠨ 1500 ᠵᠠᠯᠠᠭᠤᠴᠤᠳ | ᠪᠠᠭᠠᠴᠤᠳ ᠲᠤ ᠬᠠᠯᠠᠮᠵᠢ ᠶᠢᠨ ᠪᠡᠯᠡᠭ ᠬᠦᠷᠭᠡᠪᠡ᠃ ︽ᠰᠢᠨ᠎ᠡ ᠬᠦᠰᠡᠯ ᠡᠷᠡᠮᠡᠯᠵᠡᠯ ᠢᠶᠠᠨ ᠰᠠᠬᠢᠨ ᠬᠠᠮᠠᠭᠠᠯᠠᠵᠤ᠂ | ᠬᠠᠯᠠᠮᠵᠢ ᠶᠢᠨ ᠦᠷᠤᠬᠡ ᠶᠢ ᠬᠠᠮᠳᠤ ᠪᠠᠷ ᠪᠠᠶᠢᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ | ᠬᠡᠷᠡᠭᠵᠢᠬᠦᠯᠬᠦ ᠳᠤ ᠪᠠᠨ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠰᠠᠶᠢᠨ ᠰᠠᠶᠢᠬᠠᠨ ᠰᠤᠷᠤᠯᠭ᠎ᠠ | ᠪᠠ ᠠᠮᠢᠳᠤᠷᠠᠯ ᠤᠨ ᠣᠷᠴᠢᠨ ᠲᠣᠭᠤᠷᠢᠨ ᠦᠭᠡᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ | ᠬᠦᠴᠢᠷᠳᠡᠯᠲᠡᠢ ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ᠤᠤᠯ ᠤᠨ ᠪᠠᠶᠢᠭᠰᠠᠨ ᠣᠷᠣᠨ ᠰᠠᠭᠤᠴᠠ ᠶᠢ ᠨᠢ | ᠲᠦᠯᠤᠪᠵᠢᠬᠦᠯᠵᠤ ᠰᠢᠨᠡᠳᠬᠡᠬᠦ ᠶᠢᠨ ᠬᠠᠮᠲᠤ ᠴᠢᠬᠤᠯᠠ ᠪᠦᠬᠦᠢ ᠭᠡᠷ ᠤᠨ ᠬᠡᠷᠡᠭᠰᠡᠯ᠂ ᠣᠷᠣ ᠳᠡᠪᠢᠰᠬᠡᠷ ᠪᠠ ᠰᠤᠷᠤᠯᠭ᠎ᠠ | ᠠᠮᠢᠳᠤᠷᠠᠯ ᠤᠨ ᠬᠡᠷᠡᠭᠰᠡᠯ ᠢ ᠲᠤᠬᠢᠷᠠᠭᠤᠯᠪᠠ᠃ ᠬᠠᠯᠠᠮᠵᠢ ᠶᠢᠨ ᠦᠷᠦᠬᠡ ᠶᠢ ᠪᠠᠶᠢᠭᠤᠯᠤᠭᠰᠠᠨ ᠤ ᠳᠠᠷᠠᠭ᠎ᠠ ᠲᠤᠬᠠᠢ ᠶᠢᠨ | ᠭᠠᠵᠠᠷ ᠤᠨ ᠡᠪᠯᠡᠯ ᠤᠨ ᠬᠤᠷᠢᠶ᠎ᠠ ᠶᠢᠨ ᠬᠢᠨ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠨᠢ ᠪᠣᠯᠬᠤ | ᠦᠢᠯᠡᠴᠢᠯᠡᠭᠡ ᠶᠢ ᠢᠵᠢ ᠪᠦᠷᠢᠳᠦᠭᠦᠯᠦᠨ ᠬᠠᠩᠭᠠᠵᠤ᠂ ᠬᠡᠦᠬᠡᠳ ᠢ ᠬᠠᠪᠰᠤᠷᠤᠨ ᠦᠰᠦᠨ ᠪᠤᠶᠢᠵᠢᠯᠲᠠ ᠪᠠ | ᠰᠤᠷᠤᠯᠴᠠᠯᠭ᠎ᠠ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠬᠠᠮᠲᠤ ᠲᠡᠳᠡᠨ ᠢ | ᠰᠠᠶᠢᠨ ᠰᠠᠶᠢᠬᠠᠨ ᠰᠤᠷᠤᠯᠴᠠᠯᠭ᠎ᠠ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠪᠡᠶ᠎ᠡ ᠪᠠᠨ ᠳᠠᠭᠠᠭᠠᠬᠤ ᠴᠢᠳᠠᠪᠤᠷᠢ ᠶᠢ | ᠨᠢ ᠳᠡᠭᠡᠭᠰᠢᠯᠡᠭᠦᠯᠬᠦ ᠪᠠᠷ ᠬᠥᠲᠥᠯᠥᠨ ᠵᠢᠯᠣᠭᠤᠳᠪᠠ᠃ ᠣᠲᠣ ᠪᠣᠯᠲᠠᠯ᠎ᠠ ᠪᠥᠬᠦ ᠣᠷᠣᠨ ᠤ 116 ᠬᠡᠦᠬᠡᠳ ᠲᠤ ︽ | ᠬᠦᠰᠡᠯ ᠤᠨ ᠬᠠᠯᠠᠮᠵᠢ ᠶᠢᠨ ᠥᠷᠥᠭᠡ︾ ᠪᠠᠶᠢᠭᠤᠯᠤᠨ ᠥᠭᠴᠦ᠂ ᠲᠡᠳᠡᠨ ᠤ ᠰᠤᠷᠤᠯᠭ᠎ᠠ ᠠᠮᠢᠳᠤᠷᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠵᠤ ᠥᠭᠭᠦᠭᠰᠡᠨ ᠪᠠᠶᠢᠨ᠎ᠠ᠃ ᠵᠠᠯᠠᠭᠤᠴᠤᠳ ᠪᠠᠭᠠᠴᠤᠳ ᠤᠨ ᠬᠠᠷᠠᠭ᠎ᠠ ᠶᠢᠨ ᠡᠷᠡᠭᠦᠯ | ᠮᠡᠨᠳᠦ ᠶᠢ ᠬᠠᠯᠠᠮᠵᠢᠯᠠᠨ ︽ᠬᠠᠷᠠᠭ᠎ᠠ ᠶᠢ ᠨᠢ ᠬᠡᠷᠡᠯᠳᠤᠬᠦᠯᠬᠦ ᠲᠥᠯᠥᠪᠯᠡᠭᠡ︾ ᠶᠢ ᠥᠷᠨᠢᠭᠦᠯᠵᠦ᠂ 980 ᠭᠠᠷᠤᠢ | ᠲᠦᠮᠡᠨ ᠲᠥᠭᠦᠷᠢᠭ ᠤᠨ ᠥᠷᠲᠡᠭ ᠪᠦᠬᠦᠢ ᠨᠢᠳᠦ ᠬᠠᠮᠠᠭᠠᠯᠠᠬᠤ ᠦᠢᠯᠡᠳᠬᠦᠨ ᠢ ᠴᠤᠭᠯᠠᠭᠤᠯᠵᠤ᠂ 68 | ᠰᠤᠷᠭᠠᠭᠤᠯᠢ ᠶᠢᠨ 15 ᠲᠦᠮᠡᠨ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠶᠢ | ᠰᠢᠭᠰᠢᠨ ᠪᠠᠶᠢᠴᠠᠭᠠᠬᠤ᠂ ᠣᠶᠢᠷ᠎ᠠ ᠬᠠᠷᠠᠭ᠎ᠠ ᠶᠢ ᠨᠠᠷᠢᠯᠢᠭ ᠣᠨᠣᠴᠠᠲᠠᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ᠂ | ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠳᠡᠭᠡᠭᠰᠢᠯᠡᠭᠦᠯᠬᠦ ᠵᠡᠷᠭᠡ ᠦᠢᠯᠡᠴᠢᠯᠡᠭᠡ ᠶᠢ ᠬᠠᠨᠭ᠍ᠭᠠᠪᠠ᠃ ᠦᠨᠳᠦᠰᠦᠨ | ᠱᠠᠲᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ 3 ᠬᠦᠰᠡᠯ ᠪᠠᠭ᠎ᠠ | ᠰᠤᠷᠭᠠᠭᠤᠯᠢ ᠶᠢ ᠲᠤᠰᠠᠯᠠᠨ ᠪᠠᠶᠢᠭᠤᠯᠪᠠ᠃ ︽ᠤᠩᠰᠢᠯᠭ᠎ᠠ ᠶᠢᠨ ᠣᠴᠢ ᠶᠢ ᠨᠣᠴᠣᠭᠠᠵᠤ ᠨᠣᠮ ᠤᠨ ᠰᠤᠷᠪᠤᠯᠵᠢᠲᠤ | ᠰᠤᠷᠭᠠᠭᠤᠯᠢ ᠶᠢ ᠬᠠᠮᠲᠤ ᠪᠠᠷ ᠪᠠᠶᠢᠭᠤᠯᠬᠤ︾ ᠲᠥᠷᠥᠯ ᠵᠦᠢᠯ᠂ ︽ᠬᠦᠰᠡᠯ ᠬᠥᠯ ᠪᠥᠮᠪᠦᠭᠡ ᠪᠠᠶᠠᠷ ᠬᠥᠷ ᠲᠠᠢ ᠬᠥᠯ | ᠪᠥᠮᠪᠦᠭᠡ︾᠂ ︽ᠬᠦᠰᠡᠯ︾ ᠢᠨᠵᠧᠨᠧᠷᠢᠩ ᠤᠨ ᠣᠯᠠᠨ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠲᠥᠷᠥᠯ | ᠵᠦᠢᠯ ᠢ ᠥᠷᠨᠢᠭᠦᠯᠵᠦ᠂ ᠮᠠᠨ ᠤ ᠣᠷᠣᠨ ᠤ 12 ᠠᠶᠢᠮᠠᠭ ᠬᠤᠲᠠ ᠶᠢᠨ 47 ᠰᠤᠷᠭᠠᠭᠤᠯᠢ ᠶᠢᠨ ᠰᠤᠷᠤᠯᠴᠠᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠳᠤ 254 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ | ᠴᠤᠭᠯᠠᠭᠤᠯᠵᠤ᠂ 20000 ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠪᠡ᠃ ︽ᠠᠨᠠᠷ ᠤᠨ ᠦᠷ᠎ᠡ · ᠭᠠᠷ | ᠭᠠᠷ ᠢᠶᠠᠨ ᠬᠤᠯᠪᠤᠯᠴᠠᠶᠠ︾ ᠬᠡᠮᠡᠬᠦ ᠪᠥᠬᠦ ᠤᠯᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠥᠪᠥᠷ ᠮᠣᠩᠭᠤᠯ ᠤᠨ ᠲᠦᠩ ᠰᠢᠨ ᠶᠢᠩ ᠭᠤᠣᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠰᠢᠨᠵᠢᠶᠠᠩ᠂ ᠭᠤᠸᠠᠩᠰᠢ | ᠵᠡᠷᠭᠡ 17 ᠮᠤᠵᠢ ᠶᠢᠨ ᠦᠨᠳᠦᠰᠦᠲᠡᠨ ᠨᠦᠭᠦᠳ ᠤᠨ 240 ᠵᠠᠯᠠᠭᠤᠴᠤᠳ ᠪᠠᠭᠠᠴᠤᠳ ᠠᠵᠢᠯᠯᠠᠭ᠎ᠠ ᠳᠤ | ᠤᠷᠤᠯᠴᠠᠬᠰᠠᠨ ᠪᠠᠶᠢᠨ᠎ᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠬᠢᠨ ᠳᠠᠷᠠᠭᠠᠴᠢ ᠪᠠᠷ | ᠡᠬᠢ ᠪᠠᠶᠠᠯᠢᠭ ᠢ ᠡᠮᠬᠢᠯᠡᠬᠦ ᠪᠠ ᠵᠣᠬᠢᠶᠠᠨ ᠪᠠᠶᠢᠭᠤᠯᠵᠤ ᠳᠠᠶᠢᠴᠢᠯᠠᠬᠤ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ | ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠬᠤ ᠠᠵᠢᠯ ᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦ ᠨᠡᠮᠡᠷᠢᠯᠡᠬᠦ ᠪᠠ ᠰᠢᠨ᠎ᠡ ᠴᠠᠭ ᠦᠶ᠎ᠡ ᠶᠢᠨ ︽ᠬᠦᠰᠡᠯ︾ ᠢᠨᠵᠧᠨᠧᠷᠢᠩ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷ᠎ᠠ | ᠰᠡᠳᠬᠢᠯᠭᠡ ᠪᠠᠷ ᠬᠠᠯᠠᠮᠵᠢᠯᠠᠬᠤ ᠪᠠ ᠦᠵᠡᠯ ᠰᠠᠨᠠᠭᠠᠨ ᠤ ᠲᠠᠯ᠎ᠠ ᠪᠠᠷ ᠵᠢᠯᠤᠭᠤᠳᠬᠤ ᠠᠵᠢᠯ ᠢ ᠴᠢᠩᠭᠠᠳᠬᠠᠵᠤ᠂ | ᠲᠡᠳᠡᠨ ᠤ ᠬᠦᠴᠢᠷᠳᠡᠯ ᠢ ᠨᠢ ᠦᠨᠡᠨ ᠬᠦ ᠪᠣᠳᠠᠲᠠᠢ ᠪᠠᠷ ᠰᠢᠢᠳᠪᠦᠷᠢᠯᠡᠵᠦ᠂ ᠲᠡᠳᠡᠨ ᠢ ᠨᠠᠮ ᠲᠤᠶᠠᠭᠠᠯᠠᠯ ᠲᠤᠤᠷ᠎ᠠ | ᠨᠡᠩ ᠢᠳᠡᠷᠡᠭᠦᠨ ᠢᠶᠠᠷ ᠪᠤᠶᠢᠵᠢᠭᠤᠯᠬᠤ ᠬᠡᠷᠡᠭᠳᠡᠢ᠃ | | | | | | | |