ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ 4 ᠳ᠋ᠤᠬᠡᠷ ᠰᠠᠷ᠎ᠠ ᠶᠢᠨ 15 ᠤ ᠡᠳᠦᠷ ᠬᠥᠬᠡᠬᠤᠲᠠ ᠳᠤ ᠲᠥᠪ ᠤᠨ ᠨᠡᠶᠢᠭᠡᠮ ᠤᠨ | ᠠᠵᠢᠯ ᠤᠨ ᠬᠡᠯᠲᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ᠃ |  ᠰᠦᠨ ᠱᠤᠤ ᠴᠧᠩ᠂ ᠦ᠋ ᠬᠠᠨ ᠱᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠥᠪ ᠤᠨ | ᠨᠡᠶᠢᠭᠡᠮ ᠤᠨ ᠠᠵᠢᠯ ᠤᠨ ᠬᠡᠯᠲᠡᠰ ᠤᠨ ᠬᠢᠨ ᠤ ᠥᠪᠥᠷ ᠮᠣᠩᠭᠤᠯ ᠳᠤ ᠥᠭᠭᠦᠭᠰᠡᠨ ᠵᠢᠯᠣᠭᠤᠳᠤᠯᠭ᠎ᠠ ᠪᠠ | ᠳᠡᠮᠵᠢᠯᠭᠡ ᠳᠤ ᠲᠠᠯᠠᠷᠬᠠᠵᠤ ᠪᠠᠶᠢᠬᠤ ᠰᠡᠳᠬᠢᠯ ᠢᠶᠠᠨ ᠢᠯᠡᠳᠬᠡᠪᠡ᠃ ᠰᠦᠨ ᠱᠤᠤ ᠴᠸᠡᠭ᠄ ︽ᠨᠢᠳᠤᠨᠤᠨ ᠠᠴᠠ | ᠨᠠᠭᠠᠰᠢ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ ᠳᠦᠷᠢᠮ ᠢ ᠤᠷᠤᠨ ᠲᠠᠶᠠᠭᠠᠷ ᠲᠤ ᠶᠡᠭᠡ ᠪᠠᠷ ᠬᠡᠷᠡᠭᠵᠢᠭᠦᠯᠵᠦ᠂ ︿ᠨᠠᠮ ᠤᠨ ᠠᠴᠢ ᠶᠢ ᠮᠡᠳᠡᠷᠡᠵᠤ᠂ | ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠬᠤ﹀ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠳᠤ ᠫᠠᠶᠢᠰᠠ ᠡᠯᠭᠦᠬᠦ ᠨᠢ ᠣᠯᠠᠨ᠂ ︿ᠲᠡᠩᠭᠡᠭᠡ | ᠠᠴᠠ ᠨᠢ ᠬᠡᠳᠤᠷᠡᠬᠦᠯᠬᠦ﹀ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠪᠠ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠭᠠᠳ ᠡᠯ᠎ᠡ ᠲᠠᠯ᠎ᠠ ᠪᠠᠷ ᠴᠥᠮ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠨᠡᠶᠢᠭᠡᠮ ᠤᠨ | ᠠᠵᠢᠯ ᠤᠨ ᠬᠡᠯᠲᠡᠰ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ᠂ ᠠᠷᠠᠳ ᠤᠨ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠠᠬᠢᠭᠤᠯᠬᠤ ᠪᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠲᠠᠶᠢᠴᠢᠯᠠᠨ ᠳᠠᠭᠠᠭᠤᠯᠬᠤ ᠵᠡᠷᠭᠡ ᠴᠢᠬᠤᠯᠠ ᠡᠭᠦᠷᠭᠡ ᠴᠢᠳᠠᠪᠬᠢ ᠶᠢ ᠡᠬᠦᠷᠭᠡᠯᠡᠭᠰᠡᠨ ᠶᠤᠮ᠂ ᠲᠡᠳᠡᠨ ᠤ ᠠᠵᠢᠯ ᠤᠨ | ᠬᠦᠷᠢᠶ᠎ᠡ ᠬᠡᠪᠴᠢᠶ᠎ᠡ ᠥᠷᠭᠡᠨ᠂ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠴᠦ ᠥᠷᠭᠡᠨ ᠪᠠᠶᠢᠯ᠎ᠠ᠃ | ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠬᠢᠨ ᠥᠪᠥᠷ ᠮᠣᠩᠭᠤᠯ ᠳᠤ ᠨᠡᠩ ᠤᠯᠠᠨ ᠵᠢᠯᠣᠭᠤᠳᠤᠯᠭ᠎ᠠ | ᠳᠡᠮᠵᠢᠯᠭᠡ ᠦᠵᠡᠭᠦᠯᠵᠦ᠂ ᠨᠡᠩ ᠤᠯᠠᠨ ᠤᠴᠢᠷ ᠲᠡᠬᠡᠷ᠎ᠡ ᠮᠠᠨ ᠢ ᠬᠠᠪᠰᠤᠷᠬᠤ ᠶᠢ ᠬᠦᠰᠡᠵᠤ ᠪᠠᠶᠢᠨ᠎ᠠ︾ ᠬᠡᠵᠡᠢ᠃ |  ᠦ᠋ ᠬᠠᠨ ᠱᠧᠩ᠄ ︽ᠥᠪᠥᠷ ᠮᠣᠩᠭᠤᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ | ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ︿ᠬᠤᠶᠠᠷ ᠠᠵᠤ ᠠᠬᠤᠶᠢᠯᠠᠯ ᠭᠤᠷᠪᠠᠨ ᠰᠢᠨ᠎ᠡ﹀ | ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠯᠡᠳᠲᠡ ᠦᠷ᠎ᠡ | ᠪᠦᠲᠦᠮᠵᠢ ᠣᠯᠵᠤ᠂ ᠮᠠᠰᠢ ᠤᠯᠠᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠪᠤᠢ ᠪᠣᠯᠭᠠᠭᠰᠠᠨ ᠪᠠᠶᠢᠨ᠎ᠠ᠃ | ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠥᠪᠥᠷ ᠮᠣᠩᠭᠤᠯ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠤᠯᠠᠮ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠠᠮᠳᠤ ᠪᠠᠷ ᠠᠬᠢᠭᠤᠯᠤᠨ᠎ᠠ︾ ᠬᠡᠪᠡ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠢᠦᠢ ᠭᠠᠩ᠂ ᠢᠦᠢ ᠯᠢ ᠰᠢᠨ | ᠨᠠᠷ ᠠᠭᠤᠯᠵᠠᠯᠲᠠ ᠳᠤ ᠣᠷᠣᠯᠴᠠᠪᠠ᠃ | | | | | | | | | | |