ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/6/27
ᠨᠡᠶᠢᠭᠡᠮ ᠤᠨ  ᠲᠤᠰᠠᠯᠠᠮᠵᠢ    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠲᠠᠢ ᠬᠠᠮᠲᠤᠷᠠᠨ ︽ᠰᠢᠨ ᠢ +  ᠲᠤᠰᠠᠯᠠᠮᠵᠢ︾ ᠢᠲᠡᠭᠡᠮᠵᠢ ᠶᠢᠨ ᠬᠡᠷᠡᠭᠯᠡᠭᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠲᠤᠰᠠᠯᠠᠮᠵᠢ ᠬᠦᠷᠳᠡᠭᠰᠡᠳ ᠤᠨ ᠠᠮᠠᠯᠠᠯᠲᠠ ᠶᠢᠨ ᠪᠢᠴᠢᠭ ᠢᠶᠠᠨ ᠭᠦᠢᠴᠡᠳᠬᠡᠭᠰᠡᠨ ᠪᠠᠶᠢᠳᠠᠯ ᠳᠤ ᠵᠢᠯᠣᠭᠤᠳᠤᠯᠭ᠎ᠠ ᠬᠢᠵᠦ᠂ ᠲᠡᠰ ᠢ ᠨᠡᠶᠢᠭᠡᠮ ᠤᠨ ᠲᠤᠰᠠᠯᠠᠮᠵᠢ ᠶᠢ ᠵᠠᠯᠭᠠᠭᠠᠳ ᠬᠦᠷᠳᠡᠬᠦ ᠪᠤᠶᠤ ᠪᠤᠰᠤᠳ ᠨᠡᠶᠢᠬᠡᠮ ᠤᠨ ᠲᠤᠰᠠᠯᠠᠮᠵᠢ ᠶᠢ ᠬᠦᠷᠳᠡᠬᠦ ᠡᠰᠡᠬᠦ  ᠶᠢᠨ ᠦᠨᠳᠦᠰᠦᠯᠡᠯ ᠪᠣᠯᠭᠠᠵᠤ᠂ ᠢᠲᠡᠭᠡᠮᠵᠢ ᠶᠢᠨ ᠭᠤᠣᠯ ᠴᠣᠭᠴᠠ ᠳᠤ ᠨᠠᠩ ᠣᠯᠠᠨ ᠲᠥᠬᠦᠮ ᠬᠠᠷᠠᠭᠠᠯᠵᠠᠯ ᠤᠨ ᠦᠢᠯᠡᠴᠢᠯᠡᠭᠡ ᠬᠦᠷᠲᠡᠭᠡᠵᠦ᠂ ᠢᠲᠡᠭᠡᠮᠵᠢᠲᠡᠢ ᠶᠢ ᠰᠠᠶᠢᠰᠢᠶᠠᠨ ᠬᠥᠬᠢᠭᠦᠯᠬᠦ ᠨᠡᠶᠢᠭᠡᠮ ᠤᠨ ᠠᠭᠤᠷ ᠠᠮᠢᠰᠬᠤᠯ ᠢ ᠪᠣᠶ  ᠪᠤᠯᠭᠠᠪᠠ᠃    ᠨᠠᠰᠤᠵᠢᠯ ᠤᠨ ᠦᠢᠯᠡᠴᠢᠯᠡᠭᠡ    ᠬᠥᠬᠡᠬᠤᠲᠠ ᠶᠢᠨ ᠬᠢᠨ ︽ᠨᠢᠭᠡ ᠱᠠᠲᠤᠨ ᠳᠤ ᠪᠠᠶᠢᠷᠢᠯᠠᠭᠤᠯᠵᠤ᠂ ᠣᠯᠠᠨ ᠱᠠᠲᠤᠨ ᠳᠤ ᠬᠡᠷᠡᠭᠯᠡᠬᠦ︾ ᠰᠡᠳᠬᠢᠮᠵᠢ ᠪᠠᠷ ᠬᠤᠲᠠ᠂ ᠬᠤᠰᠢᠭᠤ ᠰᠢᠶᠠᠨ ᠲᠣᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶ ᠪᠣᠯᠣᠨ ᠨᠡᠶᠢᠭᠡᠮ ᠲᠣᠭᠤᠷᠢᠭ ︵ᠲᠣᠰᠬᠤᠨ︶ ᠳᠥᠷᠪᠡᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠤᠤᠷᠵᠢᠯ ᠢ ᠪᠠᠶᠢᠭᠤᠯᠵᠤ᠂ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ ᠪᠥᠬᠦ ᠬᠡᠯᠬᠢᠶ᠎ᠡ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠣᠳᠣᠬᠠᠨ ᠳᠤ ᠬᠦᠬᠡᠬᠤᠳᠠ ᠶᠢᠨ 33 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ 126 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ 340 ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ᠂ 136 ᠨᠠᠰᠤᠲᠠᠶᠢᠴᠤᠳ ᠤᠨ ᠬᠤᠭᠤᠯᠠᠨ ᠭᠡᠷ ᠵᠡᠷᠭᠡ ᠶᠢ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠪᠠ᠃    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠳᠥᠷᠪᠡᠨ ᠱᠠᠲᠤᠨ ᠤ ᠣᠶᠤᠨᠲᠤ ᠨᠠᠰᠤᠵᠢᠯ ᠤᠨ ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠨᠠᠰᠤᠲᠠᠶᠢᠴᠤᠳ ᠤᠨ ᠰᠠᠭᠤᠷᠢ ᠮᠡᠳᠡᠭᠡ ᠵᠠᠩᠭᠢ᠂ ᠨᠠᠰᠤᠵᠢᠯ ᠤᠨ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠪᠠ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠴᠡᠭ ᠤᠨ ᠦᠢᠯᠡᠴᠢᠯᠡᠭᠡᠨ ᠤ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢ ᠰᠢᠨᠡᠴᠢᠯᠡᠨ ᠲᠡᠭᠦᠯᠳᠡᠷᠵᠢᠭᠦᠯᠪᠡ᠃ ᠣᠳᠣᠬᠠᠨ ᠳᠤ ᠪᠥᠬᠦ ᠬᠤᠲᠠ ᠳᠤ  ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 5126 ᠲᠠᠩᠰᠠᠨ ᠨᠣᠮᠧᠷ ᠢ ᠠᠰᠢᠭᠯᠠᠯᠲᠠ ᠳᠤ ᠣᠷᠣᠭᠤᠯᠵᠤ᠂ ᠨᠠᠰᠤᠲᠠᠶᠢᠴᠤᠳ ᠤᠨ ᠲᠤᠭ᠎ᠠ ᠪᠠᠷᠢᠮᠲᠠ ᠶᠢᠨ ᠬᠥᠮᠥᠷᠭᠡ ᠳᠤ ᠣᠷᠣᠭᠤᠯᠤᠭᠰᠠᠨ ᠪᠥᠬᠦ ᠲᠤᠭ᠎ᠠ ᠪᠠᠷᠤᠭ 62.9 ᠲᠦᠮᠡᠨ ᠬᠥᠮᠥᠨ ᠳᠤ ᠬᠦᠷᠴᠡᠢ᠃    ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠠᠮᠳᠤᠷᠠᠨ ᠪᠠᠶᠢᠴᠠᠭᠠᠪᠠ ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠰᠤᠷᠪᠤᠯᠵᠢᠯᠠᠬᠤ᠂ ᠪᠠᠶᠢᠴᠠᠭᠠᠨ ᠦᠵᠡᠬᠦ ᠠᠷᠭ᠎ᠠ ᠪᠠᠷ   ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ   ᠤᠨ ᠠᠶᠤᠯ ᠢ ᠰᠡᠷᠬᠡᠶᠢᠯᠡᠬᠦ᠂ ᠦᠢᠯᠡᠴᠢᠯᠡᠭᠡᠨ ᠤ ᠠᠶᠤᠯ ᠦᠬᠡᠢ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠢᠳᠡᠭᠡᠨ ᠤ ᠠᠮᠤᠷ ᠲᠦᠪᠰᠢᠨ᠂ ᠭᠡᠷ᠎ᠡ ᠶᠢᠨ ᠬᠢᠨᠠᠯᠲᠠ ᠬᠠᠮᠢᠶᠠᠷᠤᠯᠲᠠ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠬᠡᠢ ᠪᠠ ᠭᠡᠷ ᠪᠠᠶᠢᠰᠢᠩ ᠤᠨ ᠠᠶᠤᠯ ᠦᠬᠡᠢ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠲᠤᠰᠬᠠᠢ ᠮᠡᠷᠭᠡᠵᠢᠯ ᠤᠨ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map