ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠭᠠᠷᠭᠠᠵᠠᠢ ᠰᠢ ᠶᠢᠨ ᠫᠢᠩ ᠪᠦᠭᠦ ᠴᠡᠷᠢᠭ ᠤᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ
ᠨᠡᠶᠢᠲᠡᠯᠡᠭᠰᠡᠨ ᠴᠠᠭ᠄
2024/1/31

      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 30 ᠤ ᠴᠠᠭᠢᠯᠭᠠᠨ ᠮᠡᠳᠡᠭᠡ   ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ 29 ᠤ ᠡᠳᠦᠷ ᠪᠡᠭᠡᠵᠢᠩ ᠳᠤ ᠶᠠᠪᠤᠭᠳᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ ᠂ ᠠᠳᠡ ᠰᠠᠭᠤᠭ᠎ᠠ ᠴᠡᠷᠢᠭ ᠠᠩᠭᠢ ᠶᠢᠨ ᠠᠬᠠᠮᠠᠳ ᠨᠥᠬᠦᠳ ᠪᠣᠯᠣᠨ ᠪᠦᠭᠦ ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ ᠃


1.31.jpg


      ᠢᠯᠠᠭᠤᠭᠰᠠᠨ ᠳᠠᠭᠤᠤ ᠬᠠᠩᠭᠢᠨᠠᠵᠤ ᠴᠠᠭᠠᠨ ᠰᠠᠷ᠎ᠠ ᠪᠠᠨ ᠤᠭᠲᠤᠨ᠎ᠠ ᠂ ᠴᠡᠷᠢᠭ ᠢᠶᠠᠨ ᠬᠦᠴᠦᠷᠬᠡᠭᠵᠢᠭᠦᠯᠦᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ ᠂ ᠰᠢᠨ᠎ᠡ ᠳᠤᠮᠳᠠᠳᠤ ᠤᠯᠤᠰ ᠢ  ᠪᠠᠶᠢᠭᠤᠯᠬᠤ ᠂ ᠬᠠᠮᠠᠭᠠᠯᠠᠬᠤ ᠂ ᠪᠦᠲᠦᠭᠡᠨ ᠪᠠᠶᠢᠭᠤᠯᠬᠤ ᠶᠢᠨ ᠲᠥᠯᠥᠭᠡ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠳᠤᠮᠳᠠᠳᠤ ᠤᠯᠤᠰ ᠤᠨ ᠲᠢᠶᠠᠲᠷ ᠲᠤ ᠴᠤᠭᠯᠠᠷᠠᠵᠤ ᠂ ᠴᠠᠭᠠᠨ ᠰᠠᠷ᠎ᠠ ᠪᠠᠨ ᠪᠠᠶᠠᠷᠯᠠᠨ ᠤᠭᠲᠤᠵᠠᠭᠠᠪᠠ ᠃

      ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ ᠃ ᠰᠢ ᠶᠢᠨ ᠫᠢᠩ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ ᠂ ᠤᠯᠤᠰ ᠂ ᠴᠡᠷᠢᠭ ᠠᠩᠭᠢ ᠶᠢᠨ ᠦᠢᠯᠡᠰ ᠤᠨ ᠣᠯᠣᠭᠰᠠᠨ ᠴᠢᠬᠤᠯᠠ ᠶᠡᠭᠡ ᠠᠮᠵᠢᠯᠲᠠ ᠪᠦᠳᠦᠮᠵᠢ ᠶᠢ ᠬᠠᠮᠲᠤ ᠪᠠᠷ ᠡᠷᠭᠢᠴᠡᠭᠦᠯᠪᠡ ᠃ ᠠᠬᠠᠮᠠᠳ ᠨᠥᠬᠦᠳ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠴᠤᠬ ᠰᠦᠯᠳᠡ ᠪᠠᠨ ᠪᠠᠳᠠᠷᠠᠭᠤᠯᠵᠤ ᠂ ᠪᠦᠯᠬᠦᠮᠳᠡᠨ ᠤᠷᠤᠭᠰᠢᠯᠠᠵᠤ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃

      ᠲᠣᠬᠯᠠᠯᠲᠠ ᠨᠢ ︽ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ ᠂ ᠴᠡᠷᠢᠭ ᠢ ᠬᠦᠴᠦᠷᠬᠡᠭᠵᠢᠭᠦᠯᠬᠦ ᠠᠵᠢᠯ ᠦᠢᠯᠡᠰ ᠲᠤ ᠭᠠᠪᠢᠶ᠎ᠠ ᠪᠠᠶᠢᠭᠤᠯᠤᠶ᠎ᠠ ︾ ᠭᠡᠬᠦ ᠪᠠᠷ ᠭᠤᠣᠯ ᠰᠡᠳᠦᠪ ᠢᠶᠠᠨ ᠪᠤᠯᠭᠠᠵᠤ ᠂ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠤᠤᠭᠠᠯ ᠠᠮᠢ ᠠᠬᠤᠢ ᠶᠢᠨ ᠭᠡᠯᠪᠡᠷᠢ ᠪᠠᠷ ᠢᠯᠡᠷᠡᠭᠦᠯᠵᠦ ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ ᠶᠢ ᠠᠮᠢᠳᠤᠯᠢᠭ ᠢᠶᠠᠷ ᠲᠤᠰᠬᠠᠵᠤ ᠂ ᠪᠦᠭᠦ ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠭᠤᠣᠯᠯᠠᠭᠴᠢ ᠪᠠᠨ ᠦᠨᠡᠨᠴᠢ ᠰᠢᠳᠤᠷᠭᠤ ᠪᠠᠷ ᠬᠠᠮᠠᠭᠠᠯᠠᠵᠤ ᠂ ᠴᠡᠷᠢᠭ ᠢᠶᠠᠨ ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠬᠤ ᠲᠡᠷᠢᠭᠦᠨ ᠵᠡᠷᠭᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ ᠃ ︽ ᠰᠢᠨ᠎ᠡ ᠴᠠᠭ ᠦᠶ᠎ᠡ ᠂ ᠰᠢᠨ᠎ᠡ ᠠᠶᠠᠨ ᠂ ᠰᠢᠨ᠎ᠡ ᠨᠢᠭᠡ ᠵᠢᠯ ᠤᠨ ᠰᠢᠨ᠎ᠡ ᠬᠠᠷᠠᠯᠲᠠ ︾ ᠂ ᠳᠠᠭᠤᠤ ᠪᠥᠵᠢᠭ ︽ ᠳᠠᠶᠢᠴᠢᠨ ᠳᠠᠭᠤᠤ ᠪᠠᠨ ᠬᠠᠩᠭᠢᠨᠠᠭᠤᠯᠵᠤ ᠴᠠᠭᠠᠨ ᠰᠠᠷ᠎ᠠ ᠪᠠᠨ ᠤᠭᠲᠤᠶ᠎ᠠ ︾ ᠪᠠᠷ ᠲᠣᠬᠯᠠᠯᠲᠠ ᠶᠢᠨ ᠬᠥᠰᠢᠭᠡ ᠶᠢ ᠢᠷᠠᠵᠥ ᠂  ᠭᠦᠷ ᠨᠠᠷᠭᠢᠶᠠᠨ ᠢᠶᠠᠷ ᠪᠢᠯᠬᠠᠭᠰᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ ᠃ ᠠᠬᠤᠢ ᠦᠵᠡᠭᠳᠡᠯᠲᠦ ᠲᠣᠬᠯᠠᠯᠲᠠ ︽ ᠭᠡᠷᠡᠯ ᠭᠡᠭᠡ ︾ ᠨᠢ ᠦᠵᠡᠯ ᠰᠠᠨᠠᠭ᠎ᠠ ᠪᠠᠷ ᠢᠷᠡᠭᠡᠳᠦᠢ ᠶᠢ ᠭᠡᠶᠢᠭᠦᠯᠬᠦ ᠂ ᠡᠷᠡᠯᠬᠡᠭᠯᠡᠨ ᠲᠡᠮᠡᠴᠡᠬᠦ ᠪᠠᠷ ᠢᠷᠡᠭᠡᠳᠦᠢ ᠪᠠᠨ ᠨᠡᠭᠡᠭᠡᠬᠦ ᠰᠦᠷ ᠳᠠᠯᠠᠶᠢᠴᠠᠲᠠᠢ ᠦᠢᠯᠡᠳᠦᠯᠭᠡ ᠶᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠭᠲᠠᠨ ᠳᠠᠭᠤᠯᠠᠵᠤ ᠂ ᠨᠠᠮ ᠤᠨ ᠲᠤᠭ ᠤᠨ ᠳᠣᠣᠷ᠎ᠠ ᠴᠡᠷᠢᠭ ᠤᠨ ᠰᠦᠭ ᠰᠦᠨᠡᠰᠦ ᠶᠢ ᠪᠠᠲᠤ ᠴᠣᠭᠴᠠᠯᠠᠬᠤ ᠡᠷᠡᠰ ᠵᠣᠷᠢᠭ ᠢ ᠢᠯᠡ ᠲᠣᠳᠣᠷᠬᠠᠢ ᠢᠯᠡᠳᠬᠡᠪᠡ ᠃ ︽ ᠪᠣᠯᠣᠳ ᠪᠣᠯᠵᠤ ᠬᠠᠲᠠᠭᠤᠵᠢᠭᠰᠠᠨ ︾ ᠭᠡᠬᠦ ᠨᠠᠶᠢᠷᠠᠯ ᠳᠠᠭᠤᠤ   ᠨᠢ ᠴᠡᠷᠢᠭ ᠠᠩᠭᠢ ᠶᠢᠨ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠭᠡᠳ ᠣᠯᠣᠭᠰᠠᠨ ᠰᠢᠨ᠎ᠡ ᠰᠤᠷᠲᠠᠯ ᠲᠥᠪ ᠴᠢᠬᠡᠴᠢ ᠶᠢ ᠢᠯᠡᠷᠡᠭᠦᠯᠵᠦ ᠂ ᠠᠷᠢᠭᠤᠨ ᠴᠡᠪᠡᠷ ᠢᠷᠠᠭᠤ ᠠᠯᠳᠠᠷ ᠢ ᠪᠠᠬᠢᠵᠢᠭᠦᠯᠬᠦ ᠂ ᠴᠡᠷᠢᠭ ᠢ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠬᠦ ᠡᠷᠡᠰ ᠬᠠᠳᠠᠨ ᠢᠲᠡᠭᠡᠯ ᠵᠣᠷᠢᠭ ᠢ ᠢᠯᠡᠷᠡᠭᠦᠯᠪᠡ ᠃  ᠲᠣᠭᠯᠠᠯᠳᠤ ᠳᠠᠭᠤᠯᠠᠯ ︽ ᠤᠷᠤᠭᠰᠢᠯᠠᠯᠲᠠ ᠶᠢᠨ ᠴᠠᠭ ᠮᠥᠴᠡ ︾ ᠪᠣᠯᠣᠨ ᠪᠥᠵᠢᠭ ︽ ᠰᠢᠢᠳᠪᠦᠷᠢᠲᠦ ᠢᠯᠠᠯᠲᠠ ︾ ᠵᠡᠷᠭᠡ ᠲᠣᠬᠯᠠᠯᠲᠠ ᠨᠢ ᠴᠡᠷᠢᠭ ᠠᠩᠭᠢ ᠶᠢᠨ ᠥᠪᠴᠢ ᠬᠤᠶᠠᠭᠯᠠᠨ ᠦᠦᠷ ᠴᠠᠶᠢᠯᠭᠠᠬᠤ ᠰᠡᠷᠭᠡᠶᠢᠯᠡᠯᠲᠡ ᠶᠢᠨ ᠪᠠᠶᠢᠳᠠᠯ ᠪᠣᠯᠣᠨ ᠵᠠᠷᠯᠢᠭ ᠢ ᠰᠣᠨᠣᠰᠤᠮᠠᠭᠴᠠ ᠬᠥᠳᠡᠯᠦᠯᠴᠡᠬᠦ ᠳᠠᠭᠠᠷᠢᠯᠲᠠ ᠶᠢᠨ ᠪᠠᠶᠢᠳᠠᠯ ᠢ ᠲᠤᠰᠬᠠᠪᠠ ᠃ ᠨᠠᠶᠢᠷᠠᠯ ᠳᠠᠭᠤᠤ ᠪᠠ ᠲᠣᠭᠯᠠᠯᠳᠤ ᠳᠠᠭᠤᠯᠠᠯ ︽ ᠪᠠᠶᠢᠯᠳᠤᠭᠴᠢᠳ ᠤᠨ ᠬᠦᠰᠡᠯ ᠤᠨ ᠣᠷᠣᠨ ᠭᠡᠷ ᠪᠠ ᠡᠬᠡ ᠤᠯᠤᠰ ︾ ᠂ ︽ ᠠᠭᠤᠯᠠ ᠤᠰᠤᠨ ᠤ ᠪᠢᠴᠢᠭᠡᠰᠦ ︾ ᠂ ︽ ᠠᠷᠠᠳ ᠲᠦᠮᠡᠨ ᠳᠤ ᠨᠡᠷ᠎ᠡ ᠪᠠᠨ ᠮᠡᠳᠡᠭᠦᠯᠦᠶ᠎ᠡ ︾ ᠵᠡᠷᠭᠡ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ ᠂ ᠠᠷᠠᠳ ᠤᠨ ᠬᠡᠦᠬᠡᠳ ᠳᠡᠭᠦᠦ ᠨᠠᠷ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠲᠥᠯᠥᠭᠡ ᠲᠡᠮᠡᠴᠡᠬᠦ ᠂ ᠠᠶᠤᠯ ᠭᠠᠮᠰᠢᠭ ᠠᠴᠠ ᠠᠪᠤᠷᠠᠬᠤ ᠂ ᠭᠠᠳᠠᠭᠠᠳᠤ ᠠᠴᠠ ᠬᠠᠷᠢᠶᠠᠲᠤ ᠨᠠᠷ ᠢᠶᠠᠨ ᠠᠪᠴᠤ ᠢᠷᠡᠬᠦ  ᠵᠡᠷᠭᠡ ᠴᠢᠬᠤᠯᠠ ᠶᠡᠭᠡ  ᠬᠠᠷᠢᠭᠤᠴᠠᠯᠭ᠎ᠠ ᠡᠭᠦᠷᠭᠡᠯᠡᠯ ᠪᠠ ᠶᠡᠭᠡ ᠬᠠᠶᠢᠷ᠎ᠠ ᠶᠢ ᠳᠠᠬᠢᠨᠲᠠ ᠢᠯᠡᠷᠡᠭᠦᠯᠵᠦ ᠂ ᠪᠠᠭᠠᠲᠤᠷᠴᠤᠳ ᠢᠶᠠᠨ ᠮᠠᠭᠲᠠᠨ ᠳᠠᠭᠤᠯᠠᠵᠤ ᠂ ᠪᠠᠭᠠᠲᠤᠷᠴᠤᠳ ᠢᠶᠠᠨ ᠬᠦᠨᠳᠦᠳᠬᠡᠨ ᠮᠠᠭᠲᠠᠪᠠ ᠃ ᠴᠣ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠰᠣᠩᠭᠤᠳᠠᠭ ᠳᠠᠭᠤᠤ ︽ᠶᠠᠨ ᠠᠨ ᠤ ᠮᠠᠭᠲᠠᠭᠠᠯ︾ ᠂ ︽ ᠲᠡᠷᠢᠭᠦᠯᠡᠭᠴᠢ ᠴᠡᠴᠡᠭ ᠤᠨ ᠮᠠᠭᠲᠠᠭᠠᠯ ︾ ᠂ ︽ ᠪᠢ ᠪᠣᠯ ᠨᠢᠭᠡᠨ ᠴᠡᠷᠢᠭ ︾ ᠵᠡᠷᠭᠡ ᠨᠢ ᠬᠤᠪᠢᠰᠬᠠᠯ ᠤᠨ ᠴᠡᠷᠢᠭ ᠤᠨ ᠬᠤᠪᠢᠰᠬᠠᠯᠲᠤ ᠳᠤᠷᠠᠰᠤᠮᠵᠢ ᠶᠢ ᠡᠷᠭᠢᠴᠡᠭᠦᠯᠵᠦ ᠂ ᠣᠬᠤᠷ ᠵᠦᠴᠦᠭᠡ ︽ᠪᠠᠶᠠᠷ ᠤᠨ ᠴᠢᠮᠡᠭᠡ ︾ ᠨᠢ ᠴᠡᠷᠢᠭ ᠠᠩᠭᠢ ᠪᠠ ᠣᠷᠣᠨ ᠨᠤᠲᠤᠭ ᠤᠨ ᠬᠢᠨ ᠤ ᠭᠠᠪᠢᠶᠠᠲᠠᠨ ᠵᠢᠱᠢᠶᠡᠴᠢ ᠶᠢ ᠬᠦᠨᠳᠦᠳᠬᠡᠭᠰᠡᠨ ᠰᠡᠳᠬᠢᠯ ᠲᠤᠬᠳᠤᠯᠤᠭᠤᠯᠤᠬᠰᠠᠨ ᠦᠯᠢᠭᠡᠷ ᠢ ᠬᠦᠦᠷᠨᠢᠵᠦ ᠂ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠵᠠᠯᠭᠠᠮᠵᠢᠯᠠᠵᠤ ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠬᠦᠴᠦᠨ ᠴᠢᠳᠠᠯ ᠢ ᠨᠢᠭᠲᠠᠷᠠᠭᠤᠯᠤᠭᠰᠠᠨ ᠠᠮᠢᠳᠤᠯᠢᠭ ᠵᠢᠷᠤᠭ ᠢ ᠳᠡᠯᠭᠡᠨ ᠦᠵᠡᠭᠦᠯᠵᠡᠢ ᠃ ︽ ᠠᠷᠢᠭᠤᠨ ᠬᠠᠶᠢᠷ᠎ᠠ ᠪᠠᠨ ᠡᠬᠡ ᠤᠯᠤᠰ ᠲᠠᠭᠠᠨ ᠵᠣᠷᠢᠭᠤᠯᠵᠤ ᠂ ᠪᠠᠶᠢᠯᠳᠤᠭᠠᠨ ᠤ ᠲᠠᠯᠠᠪᠤᠷ ᠲᠤ ᠬᠦᠰᠡᠯ ᠵᠡᠭᠦᠳᠦ ᠪᠠᠨ ᠲᠡᠷᠭᠡᠯᠰᠢᠭᠦᠯᠦᠨ ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ ᠪᠠᠨ ᠬᠠᠩᠭᠢᠨᠠᠭᠤᠯᠤᠶ᠎ᠠ ︾ ᠂ ᠲᠣᠬᠯᠠᠯᠲᠠ ᠨᠢ ︽ ᠴᠡᠷᠢᠭ ᠢ ᠬᠦᠴᠦᠷᠬᠡᠭᠵᠢᠭᠦᠯᠬᠦ ᠳᠤ ᠪᠢ ᠪᠤᠢ ︾ ᠭᠡᠬᠦ  ᠨᠠᠶᠢᠷᠠᠯ ᠳᠠᠭᠤᠤ ᠪᠠᠷ ᠥᠨᠳᠥᠷᠯᠡᠵᠦ ᠂ ᠬᠠᠷᠠᠯᠲᠠ ᠪᠠᠨ ᠣᠨᠢᠯᠠᠨ ᠬᠦᠴᠦᠯᠡᠨ ᠪᠣᠭᠤᠮᠲᠠ ᠰᠢᠪᠲᠤᠯᠬᠤ ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠣᠮᠤᠭ ᠵᠣᠷᠢᠭ ᠢ ᠭᠠᠶᠢᠬᠠᠭᠤᠯᠪᠠ ᠃ ᠲᠣᠬᠯᠠᠯᠲᠠ ᠨᠢ ᠳᠥᠭᠦᠮ ᠠᠪᠰᠠᠬᠠᠨ ᠪᠥᠭᠡᠳ ᠪᠣᠷᠣᠭᠵᠢᠭᠤᠨ ᠤ ᠭᠤᠸ᠎ᠠ ᠰᠠᠶᠢᠬᠠᠨ ᠪᠠ ᠴᠤᠭ ᠪᠠᠳᠠᠷᠠᠩᠭᠤᠢ ᠣᠮᠤᠭ ᠰᠦᠷ ᠢ ᠢᠯᠡᠷᠡᠭᠦᠯᠵᠦ ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠴᠣ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ ᠃

      ᠵᠠᠩ ᠶᠢᠤ ᠰᠢᠶᠠ ᠂ ᠾᠧ ᠸᠧᠢ ᠳ᠋ᠦᠩ ᠂ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠬᠠᠮᠲᠤ ᠪᠠᠷ ᠲᠤᠬᠯᠠᠯᠳᠠ ᠶᠢ ᠰᠣᠨᠢᠷᠬᠠᠵᠠᠢ ᠃

      ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ ᠃

 

ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
Baidu
map