ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠤᠰᠬᠠᠶ ᠠᠵᠢᠯ ᠤᠨ ᠪᠠᠷᠢᠮᠵᠢᠶᠠᠵᠢᠯ ᠤᠨ ᠮᠡᠷᠭᠡᠵᠢᠯ ᠤᠨ ᠵᠥᠪᠯᠡᠯ᠂ ᠡᠯ᠎ᠡ ᠨᠡᠶᠢᠭᠡᠮ ᠤᠨ ᠪᠦᠯᠬᠦᠮ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠳᠤ᠄
ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠵᠢᠷᠤᠮᠵᠢᠯ ᠲᠠᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠤᠯᠤᠰ ᠤᠨ ᠪᠠᠷᠢᠮᠵᠢᠶᠠᠵᠢᠯ ᠤᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ 2019 ᠣᠨ ᠳᠤ ︽ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ︵ᠤᠯᠤᠰ ᠪᠠᠷᠢᠮᠵᠢᠶᠠᠵᠢᠯ ᠵᠥᠪᠯᠡᠯ ᠬᠤᠯᠪᠣᠭᠠᠲᠤ ﹇2019﹈ 1 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 2023 ᠣᠨ ᠳᠤ ︽ᠠᠵᠤ ᠠᠬᠤᠶᠢᠯᠠᠯ ᠤᠨ ᠪᠠᠷᠢᠮᠵᠢᠶᠠᠵᠢᠯ ᠢ ᠠᠬᠢᠭᠤᠯᠬᠤ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 83 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯ ᠢ ᠢᠯᠡ ᠨᠡᠶᠢᠲᠡᠯᠡᠬᠦ ᠲᠤᠬᠠᠶ ᠪᠣᠳᠠᠲᠠᠶ ᠱᠠᠭᠠᠷᠳᠠᠯᠭ᠎ᠠ ᠭᠠᠷᠭᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠰᠠᠨᠠᠭᠤᠯᠤᠶ᠎ᠠ᠄
ᠨᠢᠭᠡ᠂ ᠢᠯᠨ ᠪᠠᠷ ᠨᠠᠶᠢᠳᠡᠯᠡᠭᠦ ᠠᠭᠤᠯᠭ᠎ᠠ
︵ᠨᠢᠭᠡ︶ ᠨᠡᠶᠢᠭᠡᠮ ᠤᠨ ᠪᠦᠯᠬᠦᠮ ᠨᠡᠶᠢᠲᠡ ᠨᠢ ᠪᠦᠯᠬᠦᠮ ᠨᠡᠶᠢᠲᠡ ᠶᠢᠨ ᠢᠶᠠᠨ ᠪᠠᠷᠢᠮᠵᠢᠶᠠᠲᠤ ᠨᠡᠷᠡᠶᠢᠳᠦᠯ᠂ ᠳ᠋ᠤᠭᠠᠷᠯᠠᠯ᠂ ᠨᠡᠶᠢᠲᠡᠯᠡᠭᠰᠡᠨ ᠪᠢᠴᠢᠭ ᠮᠠᠲ᠋ᠧᠷᠢᠶᠠᠯ ᠵᠡᠷᠭᠡ ᠮᠡᠳᠡᠭᠡ ᠵᠠᠩᠭᠢ ᠪᠠᠨ ᠢᠯᠡ ᠨᠡᠶᠢᠲᠡᠯᠡᠬᠦ ᠬᠡᠷᠡᠭᠲᠡᠶ᠃ ᠪᠦᠯᠬᠦᠮ ᠨᠡᠶᠢᠲᠡ ᠶᠢᠨ ᠪᠠᠷᠢᠮᠵᠢᠶ᠎ᠠ ᠨᠢ ᠲᠤᠰᠬᠠᠶ ᠠᠰᠢᠭ ᠲᠤ ᠬᠤᠯᠪᠣᠭᠳᠠᠪᠠᠯ᠂ ᠪᠠᠰᠠ ᠪᠠᠷᠢᠮᠵᠢᠶ᠎ᠠ ᠶᠢᠨ ᠲᠤᠰᠬᠠᠶ ᠠᠰᠢᠭ ᠲᠤ ᠬᠤᠯᠪᠣᠭᠳᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠷᠡᠭᠲᠡᠶ᠃ ᠨᠡᠶᠢᠭᠡᠮ ᠤᠨ ᠪᠦᠯᠬᠦᠮ ᠨᠡᠶᠢᠲᠡ ᠨᠢ ᠪᠦᠯᠬᠦᠮ ᠨᠡᠶᠢᠲᠡ ᠶᠢᠨ ᠢᠶᠠᠨ ᠪᠠᠷᠢᠮᠵᠢᠶ᠎ᠠ ᠶᠢᠨ ᠪᠦᠬᠦ ᠠᠭᠤᠯᠭ᠎ᠠ ᠪᠤᠶᠤ ᠭᠤᠤᠯ ᠮᠡᠷᠭᠡᠵᠢᠯ ᠤᠨ ᠠᠭᠤᠯᠭ᠎ᠠ ᠪᠠᠨ ᠢᠯᠡ ᠨᠡᠶᠢᠲᠡᠯᠡᠬᠦ ᠶᠢ ᠵᠣᠷᠢᠭᠵᠢᠭᠤᠯᠤᠨ᠎ᠠ᠃
︵ᠬᠤᠶᠠᠷ︶ ᠠᠵᠤ ᠠᠬᠤᠶᠢᠯᠠᠯ ᠨᠢ ᠲᠡᠭᠦᠨ ᠤ ᠬᠠᠩᠭᠠᠭᠰᠠᠨ ᠦᠢᠯᠡᠳᠬᠦᠨ ᠪᠤᠶᠤ ᠦᠢᠯᠡᠴᠢᠯᠡᠭᠡᠨ ᠳᠤ ᠬᠡᠷᠡᠭᠵᠢᠭᠦᠯᠦᠭᠰᠡᠨ ᠭᠦᠢᠴᠡᠳᠬᠡᠭᠰᠡᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ᠂ ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ᠪᠤᠶᠤ ᠠᠵᠤ ᠠᠬᠤᠶᠢᠯᠠᠯ ᠤᠨ ᠪᠠᠷᠢᠮᠵᠢᠶ᠎ᠠ ᠶᠢᠨ ᠳ᠋ᠤᠭᠠᠷᠯᠠᠯ ᠪᠠ ᠨᠡᠷᠡᠶᠢᠳᠦᠯ ᠢᠶᠠᠨ ᠢᠯᠡ ᠨᠡᠶᠢᠲᠡᠯᠡᠬᠦ ᠬᠡᠷᠡᠭᠲᠡᠶ᠃
ᠠᠵᠤ ᠠᠬᠤᠶᠢᠯᠠᠯ ᠨᠢ ᠠᠵᠤ ᠠᠬᠤᠶᠢᠯᠠᠯ ᠤᠨ ᠪᠠᠷᠢᠮᠵᠢᠶ᠎ᠠ ᠶᠢ ᠥᠪᠡᠷ ᠲᠡᠭᠡᠨ ᠲᠣᠭᠲᠠᠭᠠᠬᠤ ᠪᠤᠶᠤ ᠬᠠᠮᠲᠤᠷᠠᠨ ᠲᠣᠭᠲᠠᠭᠠᠬᠤ ᠳᠤ᠂ ᠦᠢᠯᠡᠳᠬᠦᠨ᠂ ᠦᠢᠯᠡᠴᠢᠯᠡᠭᠡᠨ ᠤ ᠴᠢᠳᠠᠮᠵᠢ ᠶᠢᠨ ᠭᠦᠢᠴᠡᠳᠬᠡᠬᠦ ᠲᠤᠭ᠎ᠠ ᠪᠣᠯᠤᠨ ᠦᠢᠯᠡᠳᠬᠦᠨ ᠤ ᠴᠢᠳᠠᠮᠵᠢ ᠶᠢᠨ ᠭᠦᠢᠴᠡᠳᠬᠡᠬᠦ ᠲᠤᠭ᠎ᠠ ᠵᠢᠴᠢ ᠲᠣᠬᠢᠷᠠᠯᠴᠠᠭᠰᠠᠨ ᠲᠤᠷᠰᠢᠯᠲᠠ ᠶᠢᠨ ᠠᠷᠭ᠎ᠠ᠂ ᠰᠢᠯᠭᠠᠨ ᠪᠠᠶᠢᠴᠠᠭᠠᠬᠤ ᠠᠷᠭ᠎ᠠ ᠪᠤᠶᠤ ᠦᠨᠡᠯᠡᠬᠦ ᠠᠷᠭ᠎ᠠ ᠪᠠᠨ ᠢᠯᠡ ᠨᠡᠶᠢᠲᠡᠯᠡᠬᠦ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ ᠲᠠᠸᠠᠷ ᠢ ᠬᠡᠲᠦᠷᠡᠲᠡᠯ᠎ᠡ ᠪᠣᠭᠤᠳᠠᠯᠯᠠᠬᠤ ᠶᠢ ᠬᠢᠵᠠᠭᠠᠷᠯᠠᠬᠤ ᠲᠤᠬᠠᠶ ᠠᠰᠲᠠᠭᠠᠨ ᠲᠣᠭᠲᠠᠭᠠᠯ ᠲᠠᠢ ᠪᠣᠯ ᠠᠵᠤ ᠠᠬᠤᠶᠢᠯᠠᠯ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠵᠦ ᠪᠠᠶᠢᠭ᠎ᠠ ᠪᠣᠭᠤᠳᠠᠯ ᠤᠨ ᠪᠠᠷᠢᠮᠵᠢᠶ᠎ᠠ ᠪᠠᠨ ᠢᠯᠡ ᠨᠡᠶᠢᠲᠡᠯᠡᠬᠦ ᠬᠡᠷᠡᠭᠲᠡᠶ᠃
ᠠᠵᠤ ᠠᠬᠤᠶᠢᠯᠠᠯ ᠤᠨ ᠢᠯᠡ ᠨᠡᠶᠢᠲᠡᠯᠡᠬᠦ ᠴᠢᠳᠠᠮᠵᠢ ᠶᠢᠨ ᠭᠦᠢᠴᠡᠳᠬᠡᠬᠦ ᠲᠤᠭ᠎ᠠ ᠪᠣᠯᠤᠨ ᠴᠢᠨᠠᠷ ᠴᠢᠨᠰᠠᠭ᠎ᠠ ᠶᠢᠨ ᠭᠦᠢᠴᠡᠳᠬᠡᠬᠦ ᠲᠤᠭ᠎ᠠ ᠶᠢᠨ ᠲᠥᠷᠥᠯ ᠵᠦᠢᠯ ᠨᠢ ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ ᠠᠴᠠ ᠪᠠᠭ᠎ᠠ ᠪᠤᠶᠤ ᠳᠣᠤᠷ᠎ᠠ ᠪᠠᠶᠢᠪᠠᠯ᠂ ᠥᠪᠡᠷ ᠤᠨ ᠢᠯᠡᠷᠬᠡᠶᠢᠯᠡᠯ ᠢᠶᠠᠨ ᠢᠯᠡ ᠨᠡᠶᠢᠲᠡᠯᠡᠬᠦ ᠦᠶ᠎ᠡ ᠳᠤ ᠢᠯᠡ ᠲᠣᠳᠣᠷᠬᠠᠶᠢᠯᠠᠬᠤ ᠬᠡᠷᠡᠭᠲᠡᠶ᠃
ᠬᠤᠶᠠᠷ᠂ ᠢᠯᠨ ᠪᠠᠷ ᠨᠠᠶᠢᠳᠡᠯᠡᠭᠦ ᠴᠠᠭ ᠬᠤᠭᠤᠴᠠᠭ᠎ᠠ
︵ᠨᠢᠭᠡ︶ ᠨᠡᠶᠢᠭᠡᠮ ᠤᠨ ᠪᠦᠯᠬᠦᠮ ᠨᠡᠶᠢᠲᠡ᠂ ᠠᠵᠤ ᠠᠬᠤᠶᠢᠯᠠᠯ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ ᠠᠴᠠ ᠡᠮᠦᠨ᠎ᠡ᠂ ᠬᠡᠷᠡᠭᠵᠢᠭᠦᠯᠬᠦ ᠪᠠᠷᠢᠮᠵᠢᠶ᠎ᠠ ᠶᠢᠨ ᠮᠡᠳᠡᠭᠡ ᠵᠠᠩᠭᠢ ᠶᠢ ᠥᠪᠡᠷ ᠢᠶᠠᠨ ᠢᠯᠡᠷᠬᠡᠶᠢᠯᠡᠨ ᠢᠯᠡ ᠨᠡᠶᠢᠲᠡᠯᠡᠬᠦ ᠬᠡᠷᠡᠭᠲᠡᠶ᠃ ᠨᠠᠶᠢᠳᠠᠵᠤ ᠪᠣᠯᠪᠠᠰᠤᠷᠠᠭᠤᠯᠤᠨ ᠦᠢᠯᠡᠳᠪᠦᠷᠢᠯᠡᠭᠦᠯᠦᠭᠰᠡᠨ ᠦᠢᠯᠡᠳᠬᠦᠨ ᠪᠤᠶᠤ ᠦᠢᠯᠡᠴᠢᠯᠡᠭᠡ ᠬᠠᠩᠭᠠᠭᠰᠠᠨ ᠪᠣᠯ ᠨᠠᠶᠢᠳᠠᠭᠴᠢ ᠶᠢᠨ ᠭᠦᠢᠴᠡᠳᠬᠡᠬᠦ ᠪᠠᠷᠢᠮᠵᠢᠶ᠎ᠠ ᠶᠢᠨ ᠮᠡᠳᠡᠭᠡ ᠵᠠᠩᠭᠢ ᠶᠢ ᠥᠪᠡᠰᠦᠪᠡᠨ ᠢᠯᠡᠷᠬᠡᠶᠢᠯᠡᠵᠦ ᠢᠯᠡ ᠨᠡᠶᠢᠲᠡᠯᠡᠬᠦ ᠬᠡᠷᠡᠭᠲᠡᠢ᠃
︵ᠬᠤᠶᠠᠷ︶ ᠨᠡᠶᠢᠭᠡᠮ ᠤᠨ ᠪᠦᠯᠬᠦᠮ ᠨᠡᠶᠢᠲᠡ᠂ ᠠᠵᠤ ᠠᠬᠤᠶᠢᠯᠠᠯ ᠤᠨ ᠬᠡᠷᠡᠭᠵᠢᠭᠦᠯᠬᠦ ᠪᠠᠷᠢᠮᠵᠢᠶ᠎ᠠ ᠳᠤ ᠬᠤᠪᠢᠷᠠᠯᠲᠠ ᠭᠠᠷᠪᠠᠯ᠂ ᠥᠪᠡᠰᠦᠪᠡᠨ ᠢᠯᠡᠷᠬᠡᠶᠢᠯᠡᠵᠦ ᠢᠯᠡ ᠨᠡᠶᠢᠲᠡᠯᠡᠭᠰᠡᠨ ᠠᠭᠤᠯᠭ᠎ᠠ ᠪᠠᠨ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠠᠵᠤ ᠠᠬᠤᠶᠢᠯᠠᠯ ᠨᠢ ᠳᠠᠩᠰᠠᠯᠠᠭᠤᠯᠤᠭᠰᠠᠨ ᠢᠶᠠᠨ ᠬᠦᠴᠦᠨ ᠦᠭᠡᠶ ᠪᠣᠯᠭᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠪᠠᠷᠢᠮᠵᠢᠶ᠎ᠠ ᠶᠢ ᠬᠦᠴᠦᠨ ᠦᠭᠡᠶ ᠪᠣᠯᠭᠠᠬᠤ ᠬᠡᠷᠡᠭᠲᠡᠶ᠃
ᠭᠤᠷᠪᠠ᠂ ᠢᠯᠡ ᠨᠡᠶᠢᠲᠡᠯᠡᠬᠦ ᠠᠷᠭ᠎ᠠ ᠮᠠᠶ᠋ᠢᠭ
︵ᠨᠢᠭᠡ ︶ ᠨᠡᠶᠢᠭᠡᠮ ᠤᠨ ᠪᠦᠯᠬᠦᠮ ᠨᠡᠶᠢᠲᠡ ᠶᠢᠨ ᠪᠦᠬᠦ ᠤᠯᠤᠰ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠲᠠᠪᠴᠠᠩ ︵https://www.ttbz.org.cn/︶ ᠢᠶᠠᠷ ᠳᠠᠮᠵᠢᠭᠤᠯᠤᠨ ᠥᠪᠡᠷ ᠤᠨ ᠢᠯᠡᠷᠬᠡᠶᠢᠯᠡᠯ ᠢᠶᠠᠨ ᠢᠯᠡ ᠨᠡᠶᠢᠲᠡᠯᠡᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠨᠢ ᠠᠵᠤ ᠠᠬᠤᠶᠢᠯᠠᠯ ᠤᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵https://www.qybz.org.cn/︶ ᠢᠶᠠᠷ ᠥᠪᠡᠷ ᠤᠨ ᠢᠯᠡᠷᠬᠡᠶᠢᠯᠡᠯ ᠢᠶᠠᠨ ᠢᠯᠡ ᠨᠡᠶᠢᠲᠡᠯᠡᠬᠦ ᠶᠢ ᠵᠣᠷᠢᠭᠵᠢᠭᠤᠯᠤᠨ᠎ᠠ᠃
︵ᠬᠤᠶᠠᠷ︶ ᠠᠵᠤ ᠠᠬᠤᠶᠢᠯᠠᠯ ᠤᠨ ᠪᠠᠷᠢᠮᠵᠢᠶ᠎ᠠ ᠶᠢ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠥᠪᠡᠷ ᠤᠨ ᠢᠯᠡᠷᠬᠡᠶᠢᠯᠡᠯ ᠢᠶᠠᠨ ᠢᠯᠡ ᠨᠡᠶᠢᠲᠡᠯᠡᠭᠰᠡᠨ ᠪᠠᠶᠢᠪᠠᠯ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠢᠯᠡ ᠨᠡᠶᠢᠲᠡᠯᠡᠬᠦ ᠠᠷᠭ᠎ᠠ ᠵᠠᠮ ᠢ ᠢᠯᠡ ᠨᠡᠶᠢᠲᠡᠯᠡᠬᠦ ᠶᠢᠨ ᠬᠠᠮᠲᠤ᠂ ᠥᠪᠡᠷ ᠤᠨ ᠢᠯᠡᠷᠬᠡᠶᠢᠯᠡᠯ ᠢᠶᠠᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠣᠯᠵᠤ ᠪᠣᠯᠬᠤ᠂ ᠨᠡᠬᠡᠮᠵᠢᠯᠡᠵᠦ ᠪᠣᠯᠬᠤ ᠪᠠ ᠥᠭᠡᠷᠡᠲᠦᠭᠦᠯᠦᠨ ᠥᠭᠡᠷᠡᠴᠢᠯᠡᠬᠦ ᠶᠢ ᠰᠡᠷᠭᠡᠶᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃
ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ
︵ᠨᠢᠭᠡ︶ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠳᠤ ︽ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠶ᠃ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠳᠤ ︽ᠠᠵᠤ ᠠᠬᠤᠶᠢᠯᠠᠯ ᠤᠨ ᠪᠠᠷᠢᠮᠵᠢᠶᠠᠵᠢᠯ ᠢ ᠠᠬᠢᠭᠤᠯᠬᠤ ᠠᠷᠭ᠎ᠠ︾ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠶ᠃ ᠨᠡᠶᠢᠭᠡᠮ ᠤᠨ ᠪᠦᠯᠬᠦᠮ ᠨᠡᠶᠢᠲᠡ᠂ ᠠᠵᠤ ᠠᠬᠤᠶᠢᠯᠠᠯ ᠨᠢ ᠲᠤᠰ ᠲᠤᠰ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠭᠤᠣᠯ ᠴᠣᠭᠴᠠ ᠪᠠᠶᠢᠵᠤ᠂ ᠪᠠᠷᠢᠮᠵᠢᠶ᠎ᠠ ᠶᠢᠨ ᠠᠭᠤᠯᠭ᠎ᠠ ᠵᠢᠴᠢ ᠬᠡᠷᠡᠭᠵᠢᠭᠦᠯᠬᠦ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
︵ᠬᠤᠶᠠᠷ︶ ᠨᠡᠶᠢᠭᠡᠮ ᠤᠨ ᠪᠦᠯᠬᠦᠮ ᠨᠡᠶᠢᠲᠡ ᠶᠢᠨ ᠲᠣᠭᠲᠠᠭᠠᠭᠰᠠᠨ ᠪᠦᠯᠬᠦᠮ ᠨᠡᠶᠢᠲᠡ ᠶᠢᠨ ᠪᠠᠷᠢᠮᠵᠢᠶ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ᠂ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠂ ᠡᠰᠡᠬᠦᠯ᠎ᠡ ︽ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠠᠰᠢᠭᠯᠠᠬᠤ ᠳᠤ ᠠᠰᠢᠭᠲᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠵᠦ᠂ ᠦᠢᠯᠡᠳᠬᠦᠨ ᠤ ᠠᠶᠤᠯ ᠦᠭᠡᠢ ᠴᠢᠨᠠᠷ᠂ ᠨᠡᠶᠢᠳᠡᠮ ᠬᠡᠷᠡᠭᠯᠡᠬᠦ ᠴᠢᠨᠠᠷ᠂ ᠰᠣᠯᠢᠵᠤ ᠪᠣᠯᠬᠤ ᠴᠢᠨᠠᠷ ᠢ ᠴᠢᠩᠭᠠᠷᠠᠭᠤᠯᠤᠨ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠡᠷᠭᠡᠵᠢᠯ ᠤᠨ ᠲᠠᠯ᠎ᠠ ᠪᠠᠷ ᠲᠡᠷᠢᠭᠦᠨ ᠤ᠂ ᠠᠵᠤ ᠠᠬᠤᠶ ᠶᠢᠨ ᠲᠠᠯ᠎ᠠ ᠪᠠᠷ ᠵᠦᠢ ᠵᠣᠬᠢᠰᠲᠠᠶ︾ ᠪᠠᠶᠢᠬᠤ ᠲᠠᠢ ᠨᠡᠶᠢᠴᠡᠬᠦ ᠦᠭᠡᠢ ᠪᠠᠶᠢᠪᠠᠯ᠂ ᠪᠠᠷᠢᠮᠵᠢᠶᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠵᠤ᠂ ᠪᠦᠬᠦ ᠤᠯᠤᠰ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠢᠯᠡ ᠨᠡᠶᠢᠲᠡᠯᠡᠬᠦ ᠶᠢᠨ ᠬᠠᠮᠲᠤ᠂ ᠨᠡᠶᠢᠭᠡᠮ ᠤᠨ ᠪᠦᠯᠬᠦᠮ ᠨᠡᠶᠢᠲᠡ ᠶᠢᠨ ᠳᠠᠩᠰᠠᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠳᠡᠵᠦ᠂ ᠨᠡᠶᠢᠭᠡᠮ ᠤᠨ ᠪᠦᠯᠬᠦᠮ ᠨᠡᠶᠢᠲᠡ ᠶᠢᠨ ᠳᠠᠩᠰᠠᠯᠠᠨ ᠬᠠᠮᠢᠶᠠᠷᠬᠤ ᠪᠠᠶᠢᠭᠤᠯᠭ᠎ᠠ ᠠᠴᠠ ᠲᠡᠭᠦᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠭᠡᠮ ᠤᠨ ᠪᠦᠯᠬᠦᠮ ᠨᠡᠶᠢᠲᠡ ᠶᠢᠨ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠤᠨ᠎ᠠ᠃
︵ᠭᠤᠷᠪᠠ︶ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯ ᠢ ᠢᠯᠡ ᠨᠡᠶᠢᠲᠡᠯᠡᠬᠦ ᠨᠢ ︽ᠠᠵᠤ ᠠᠬᠤᠶᠢᠯᠠᠯ ᠤᠨ ᠪᠠᠷᠢᠮᠵᠢᠶᠠᠵᠢᠯ ᠢ ᠠᠬᠢᠭᠤᠯᠬᠤ ᠠᠷᠭ᠎ᠠ︾ ᠶᠢᠨ ᠲᠣᠭᠲᠠᠭᠠᠯ ᠳᠤ ᠨᠡᠶᠢᠴᠡᠬᠦ ᠥᠬᠡᠶ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ ᠠᠵᠤ ᠠᠬᠤᠶᠢᠯᠠᠯ ᠤᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠢᠯᠡ ᠨᠡᠶᠢᠲᠡᠯᠡᠨ᠎ᠡ᠃
︵ᠳᠥᠷᠪᠡ︶ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠨᠢ ᠰᠠᠶᠢᠨ ᠪᠠᠶᠢᠬᠤ ᠮᠥᠷᠲᠡᠭᠡᠨ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠤᠶᠤ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠨᠡᠶᠢᠲᠡᠯᠡᠬᠦ ᠪᠠᠶᠢᠭᠤᠯᠤᠮᠵᠢ ᠠᠴᠠ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠤᠶᠤ ᠣᠷᠣᠨ ᠨᠤᠲᠤᠭ ᠤᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠪᠠᠷ ᠭᠤᠶᠤᠴᠢᠯᠠᠵᠤ ᠪᠣᠯᠤᠨ᠎ᠠ᠃ ᠲᠠᠨᠢᠯᠴᠠᠭᠤᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠦᠨᠡᠮᠰᠢᠬᠦ ᠳᠤ ︽︿ᠲᠠᠨᠢᠯᠴᠠᠭᠤᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠦᠨᠡᠮᠰᠢᠬᠦ ᠲᠦᠷ ᠬᠡᠷᠡᠭᠵᠢᠭᠦᠯᠬᠦ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠪᠠᠷᠢᠮᠵᠢᠶᠠᠵᠢᠯ ᠤᠨ ᠬᠠᠮᠢᠶᠠᠷᠤᠯᠲᠠ ᠶᠢᠨ ᠵᠥᠪᠯᠡᠯ ᠤᠨ ᠮᠡᠳᠡᠭᠳᠡᠯ︾ ︵ᠤᠯᠤᠰ ᠤᠨ ᠪᠠᠷᠢᠮᠵᠢᠶᠠᠵᠢᠯ ᠤᠨ ᠵᠥᠪᠯᠡᠯ ᠲᠠᠷᠬᠠᠭᠠᠭᠰᠠᠨ ﹇2023﹈ 39 ᠳ᠋ᠦ᠋ᠭᠡᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃
︵ᠲᠠᠪᠤ︶ ᠡᠯ᠎ᠠ ᠠᠢᠮᠠᠭ ᠬᠤᠳᠡ ᠶᠢᠨ ᠵᠠᠬ᠎ᠠ ᠳᠡᠯᠭᠡᠬᠦᠷ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ ᠨᠢ ᠪᠦᠯᠬᠦᠮ ᠨᠡᠶᠢᠲᠡ ᠶᠢᠨ ᠪᠡᠷᠢᠮᠵᠢᠶ᠎ᠠ᠂ ᠠᠵᠦ ᠠᠬᠤᠶᠢᠯᠠᠯ ᠤᠨ ᠪᠠᠷᠢᠮᠵᠢᠶᠠᠵᠢᠯ ᠤᠨ ᠠᠵᠢᠯ ᠢ ᠵᠢᠯᠥᠭᠤᠳᠬᠤ ᠪᠠ ᠬᠢᠨᠡᠯᠳᠡ ᠳᠡᠯᠪᠢᠬᠤ ᠶᠢ ᠴᠢᠩᠭᠠᠳᠬᠠᠵᠦ᠂ ᠨᠡᠶᠢᠭᠡᠮ ᠤᠨ ᠪᠦᠯᠬᠦᠮ ᠨᠡᠶᠢᠲᠡ᠂ ᠠᠵᠦ ᠠᠬᠤᠶᠢᠯᠠᠯ ᠢ ᠵᠢᠯᠥᠭᠤᠳᠴᠥ ᠪᠠᠶᠢᠭᠠᠳ ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯ ᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠬᠦ ᠭᠡᠷᠡᠭᠳᠡᠢ᠃ ᠠᠵᠤ ᠠᠬᠤᠶᠢᠯᠠᠯ ᠤᠨᠶᠢᠨ ᠥᠪᠡᠷ ᠤᠨ ᠢᠯᠡᠷᠬᠡᠶᠢᠯᠡᠯ ᠢ ᠢᠯᠡ ᠨᠡᠶᠢᠲᠡᠯᠡᠭᠰᠡᠨ ᠲᠤᠭ᠎ᠠ ᠭᠡᠮᠵᠢᠶ᠎ᠠ ᠶᠢᠨ ᠨᠡᠮᠡᠭᠳᠡᠭᠰᠡᠨ ᠨᠣᠷᠮ᠎ᠠ ᠪᠠ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠥᠪᠡᠷ ᠤᠨ ᠢᠯᠡᠷᠬᠡᠶᠢᠯᠡᠯ ᠢ ᠢᠯᠡ ᠨᠡᠶᠢᠲᠡᠯᠡᠭᠰᠡᠨ ᠨᠡᠮᠡᠭᠳᠡᠯ ᠤᠨ ᠲᠤᠭ᠎ᠠ ᠭᠡᠮᠵᠢᠶ᠎ᠠ ᠶᠢ ᠬᠠᠮᠢᠶ᠎ᠠ ᠪᠦᠬᠦᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠥᠨ᠎ᠠ᠃
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ
2024 ᠣᠨ ᠤ 2 ᠳ᠋ᠤᠭᠠᠷ ᠰᠠᠷ᠎ᠠ ᠶᠢᠨ 22 ᠤᠨ ᠡᠳᠦᠷ