ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 7 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ ᠬᠥᠬᠡ ᠯᠣᠣ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢᠶᠠᠨ ᠬᠠᠮᠲᠤ ᠪᠠᠷ ᠤᠭᠲᠤᠪᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠣᠷᠣᠯᠴᠠᠪᠠ᠃
ᠳᠤᠮᠳᠠᠳᠦ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ ᠵᠦᠩ ᠯᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠲᠤᠤ ᡁᠢ ᠨᠠᠷ ᠤᠷᠢᠯᠭ᠎ᠠ ᠪᠠᠷ ᠣᠷᠣᠯᠴᠠᠪᠠ᠃ ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ ᠳᠡᠳ᠋ ᠲᠡᠷᠢᠭᠦᠯᠡᠭᠴᠢ ᠪᠤᠢ᠃
ᠬᠤᠤ ᠮᠢᠩ ᠶᠢᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠵᠡᠢ᠃ ᠲᠡᠷᠡ᠂ ᠰᠠᠶ᠋ᠢᠬᠠᠨ ᠥᠩᠭᠡᠷᠡᠭᠰᠡᠨ 2023 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠪᠣᠯᠣᠨ ᠤᠯᠠᠨ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠤ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠳᠠᠷᠤᠯᠲᠠ ᠶᠢ ᠰᠥᠷᠦᠨ ᠡᠷᠡᠯᠬᠡᠭᠯᠡᠨ ᠲᠡᠮᠡᠴᠡᠵᠦ᠂ ᠡᠷᠴᠢ ᠵᠣᠷᠢᠭ ᠪᠠᠳᠠᠷᠠᠩᠭᠤᠢ ᠪᠠᠷ ᠲᠡᠮᠡᠴᠡᠵᠦ᠂ ᠴᠢᠷᠮᠠᠶᠢᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠠᠭᠤᠤ ᠶᠡᠭᠡ ᠬᠦᠰᠡᠯ ᠵᠡᠭᠦᠳᠦ ᠲᠠᠢ ᠶᠠᠭ ᠠᠯᠬᠤᠮ ᠠᠯᠬᠤᠮ ᠢᠶᠠᠷ ᠣᠶᠢᠷᠠᠳᠴᠤ ᠪᠠᠶᠢᠨ᠎ᠠ᠃ ᠰᠢᠨ᠎ᠡ ᠨᠢᠭᠡ ᠵᠢᠯ ᠳᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠢᠯᠡᠳᠬᠡᠪᠡ᠃
ᠬᠤᠤ ᠮᠢᠩ ᠶᠢᠨ ᠤ ᠪᠠᠶᠠᠷ ᠤᠨ ᠦᠭᠡ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2023 ᠣᠨ ᠪᠣᠯ ᠲᠤᠶᠢᠯ ᠤᠨ ᠶᠡᠷᠦ ᠪᠤᠰᠤ ᠶᠢᠨ ᠶᠤᠮ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠭᠠᠳᠠᠭᠠᠳᠤ ᠶᠢᠨ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠡᠨ ᠳᠠᠪᠠᠵᠤ᠂ ᠠᠵᠤ ᠠᠬᠤᠢ ᠶᠢᠨ ᠰᠡᠷᠭᠦᠨ ᠬᠥᠭᠵᠢᠬᠦ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠭᠢᠯᠡᠯᠲᠡ ᠶᠢ ᠲᠣᠭᠲᠠᠭᠤᠨ ᠪᠤᠯᠭᠠᠵᠤ᠂ ᠭᠢᠯᠠᠰ ᠴᠡᠭ ᠵᠠᠯᠭᠠᠭ᠎ᠠ ᠪᠠᠷ ᠢᠯᠡᠷᠡᠪᠡ᠃ ᠪᠢᠳᠡ ᠬᠠᠨᠳᠤᠯᠭᠠᠲᠤ ᠴᠢᠨᠠᠷᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠳᠡᠭᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠪᠦᠭᠦ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠪᠢᠳᠡ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠪᠠ᠃ ᠮᠠᠨ ᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠵᠥ᠂ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢ ᠥᠷᠭᠡᠳᠬᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠤᠯᠠᠮ ᠠᠴᠠ ᠬᠦᠴᠦᠷᠬᠡᠭ ᠶᠡᠭᠡ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢ ᠢᠯᠡᠷᠡᠭᠦᠯᠪᠡ᠃ ᠪᠢᠳᠡ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠦᠶᠡᠷ ᠤᠰᠤᠲᠤᠯ ᠪᠠ ᠭᠠᠨᠰᠤ᠂ ᠬᠥᠬᠡᠨᠠᠭᠤᠷ ᠤᠨ ᠭᠠᠵᠠᠷ ᠬᠥᠳᠡᠯᠦᠯᠲᠡ ᠵᠢᠴᠢ ᠰᠢᠨᠵᠢᠶᠠᠩ ᠤᠨ ᠭᠠᠵᠠᠷ ᠬᠥᠳᠡᠯᠦᠯᠲᠡ ᠵᠡᠷᠭᠡ ᠠᠯᠢ ᠣᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠭᠠᠵᠤ᠂ ᠴᠧᠩᠳᠦ᠋ ᠶᠢᠨ ᠣᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ ᠳᠠᠬᠢᠨᠲᠠ ᠰᠢᠯᠢᠳᠡᠭ ᠪᠦᠲᠦᠮᠵᠢ ᠣᠯᠪᠠ᠃ ᠡᠳᠡᠭᠡᠷ ᠠᠮᠵᠢᠯᠲᠠ ᠶᠢ ᠣᠯᠣᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠢ ᠪᠠᠭᠲᠠᠭᠠᠭᠰᠠᠨ ᠪᠦᠭᠦ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠢᠷᠭᠠᠭᠤ ᠬᠠᠲᠠᠭᠤᠵᠢᠯᠲᠠᠢ ᠲᠡᠮᠡᠴᠡᠵᠦ᠂ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ ᠭᠡᠵᠦ ᠴᠢᠬᠤᠯᠠᠴᠢᠯᠠᠵᠠᠢ᠃
ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ ᠰᠠᠭᠤᠷᠢ ᠶᠢ ᠪᠠᠬᠢᠵᠢᠭᠦᠯᠬᠦ᠂ ᠰᠢᠨ᠎ᠡ ᠠᠶᠠᠨ ᠳᠤ ᠪᠦᠯᠬᠦᠮᠳᠡᠨ ᠲᠡᠮᠡᠴᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠲᠠᠪᠤᠨ ᠰᠠᠷ᠎ᠠ ᠶᠢᠨ ᠨᠢᠭᠡᠨ ᠤ ᠤᠷᠢᠶ᠎ᠠ︾ ᠶᠢ ᠨᠡᠶᠢᠲᠡᠯᠡᠭᠰᠡᠨ 75 ᠵᠢᠯ ᠤᠨ ᠤᠢ ᠶᠢ ᠳᠤᠷᠠᠰᠬᠠᠬᠤ ᠠᠵᠠ ᠲᠣᠭᠢᠶᠠᠯ ᠢ ᠠᠮᠵᠢᠵᠤ᠂ ᠤᠯᠤᠰ ᠲᠦᠷᠦ ᠶᠢᠨ ᠵᠤᠯᠭᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠨᠠᠮ ᠬᠠᠮᠲᠤᠷᠠᠨ ᠠᠵᠢᠯᠯᠠᠬᠤ ᠦᠵᠡᠯ ᠰᠠᠨᠠᠭ᠎ᠠ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠤᠯᠠᠨ ᠢᠶᠠᠷ ᠢᠶᠠᠨ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠬᠢᠴᠠ ᠳᠠᠬᠢ ᠭᠤᠣᠯᠳᠠᠯᠭ᠎ᠠ ᠲᠠᠢ᠂ ᠬᠦᠴᠢᠷᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠬᠢᠨ ᠲᠠᠢ ᠢᠳᠡᠪᠬᠢᠲᠡᠢ ᠬᠠᠮᠵᠢᠯᠴᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠬᠢᠪᠡ ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ︕
ᠰᠢ ᠶᠢᠨ ᠫᠢᠩ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠰᠢᠪᠲᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠣᠶᠢᠯᠠᠭᠠᠵᠤ᠂ ᠪᠠᠶᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ ᠨᠢᠭᠡ ᠳᠤ᠂ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠳᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠬᠥᠭᠵᠢᠭᠦᠯᠵᠦ᠂ ᠰᠠᠶᠢᠲᠤᠷ ᠲᠡᠭᠦᠯᠳᠡᠷᠵᠢᠭᠦᠯᠬᠦ ᠬᠡᠷᠡᠭᠲᠡᠢ᠃ ᠲᠥᠷᠥ ᠶᠢᠨ ᠨᠠᠮ ᠤᠨ ᠵᠥᠪᠯᠡᠬᠦ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠡᠮᠬᠢ ᠵᠢᠷᠤᠮ ᠲᠠᠢ ᠥᠷᠨᠢᠭᠦᠯᠵᠦ᠂ ᠳᠠᠪᠠᠭᠤᠯᠢᠭ ᠦᠢᠯᠡᠳᠦᠯ ᠢ ᠪᠠᠳᠠᠷᠠᠭᠤᠯᠬᠤ ᠲᠠᠪᠴᠠᠩ ᠤᠨ ᠠᠴᠢᠶᠠᠯᠠᠪᠤᠷᠢ ᠶᠢ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ ᠲᠥᠷᠥ ᠶᠢᠨ ᠨᠠᠮ ᠤᠨ ᠳᠦᠷᠢᠮ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠦᠷᠭᠦᠯᠵᠢᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠡᠩ ᠬᠠᠨᠳᠤᠯᠭᠠᠲᠤ ᠴᠢᠨᠠᠷᠲᠠᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠭᠡᠭᠡᠨ ᠰᠠᠷᠠᠭᠤᠯ ᠪᠠᠶᠢᠬᠤ ᠤᠨᠤᠯ ᠢ ᠬᠠᠮᠲᠤ ᠪᠠᠷ ᠴᠤᠤᠷᠢᠶᠠᠲᠤᠭᠤᠯᠬᠤ ᠬᠡᠷᠡᠭᠲᠡᠢ᠃ ᠭᠤᠷᠪᠠ ᠳᠤ᠂ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠪᠣᠯ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠶᠠᠪᠤᠳᠠᠯ ᠪᠣᠯᠣᠨ᠎ᠠ᠃ ᠠᠷᠢᠭᠤᠨ ᠴᠢᠬᠡᠴᠢ ᠶᠢᠨ ᠪᠠᠶᠢᠭᠤᠯᠤᠯᠲᠠ᠂ ᠤᠳᠤᠷᠢᠳᠬᠤ ᠪᠠᠭ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠣᠪᠣᠷ ᠰᠤᠷᠲᠠᠯ ᠪᠠ ᠠᠵᠢᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠯᠠᠪᠳᠠᠭᠤᠨ ᠢᠶᠠᠷ ᠳᠡᠭᠡᠭᠰᠢᠯᠡᠭᠦᠯᠭᠦ ᠬᠡᠷᠡᠭᠲᠡᠢ᠃
ᠶᠠᠷᠢᠯᠴᠠᠬᠤ ᠬᠤᠷᠠᠯ ᠤᠨ ᠳᠠᠷᠠᠭ᠎ᠠ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠰᠢᠨ᠎ᠡ ᠬᠠᠭᠤᠴᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃