ᠦᠨᠳᠦᠰᠦᠨ ᠱᠠᠲᠤᠨ ᠤ ᠬᠢᠯᠠᠰ ᠴᠡᠭ ᠲᠦᠩᠯᠢᠶᠣᠤ ᠬᠤᠲᠠ᠄ ︽ᠪᠡᠶ᠎ᠡ ᠶᠢᠨ ᠪᠠᠶᠢᠴᠠᠭᠠᠯᠲᠠ  ᠮᠠᠶ᠋ᠢᠭ ᠤᠨ ᠬᠢᠨᠠᠨ ᠬᠠᠮᠢᠶᠠᠷᠤᠯᠲᠠ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠰᠢᠨ᠎ᠡ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠪᠡ
ᠨᠡᠶᠢᠲᠡᠯᠡᠭᠰᠡᠨ ᠴᠠᠭ᠄
2024/3/1

    2023 ᠣᠨ ᠳᠤ᠂ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠡᠶ᠎ᠡ ᠶᠢᠨ ᠪᠠᠶᠢᠴᠠᠭᠠᠯᠲᠠ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠰᠢᠨ᠎ᠡ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠦᠢᠯᠡᠴᠢᠯᠡᠭᠡ ᠶᠢ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠲᠤᠭᠤᠰᠢᠯᠠᠭᠤᠯᠵᠤ᠂ ᠦᠢᠯᠡᠴᠢᠯᠡᠭᠡ ᠶᠢ ᠨᠠᠩ ᠨᠠᠷᠢᠯᠢᠭ ᠣᠨᠣᠴᠠᠲᠠᠶ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠨᠠᠩ ᠳᠤᠯᠠᠭᠠᠴᠠ ᠲᠠᠢ ᠪᠣᠯᠭᠠᠵᠤ᠂ ︽ᠬᠢᠨᠠᠯᠲᠠ ᠬᠠᠮᠢᠶᠠᠷᠤᠯᠲᠠ ᠶᠢᠨ ᠬᠠᠮᠠᠭᠠᠯᠠᠭᠴᠢ᠂ ᠦᠢᠯᠡᠴᠢᠯᠡᠭᠡᠨ ᠤ ᠵᠢᠱᠢᠶᠡᠴᠢ︾ ᠶᠢᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃

    1 ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠡᠷᠡᠭ ᠤᠨ ᠡᠮᠦᠨᠡᠬᠢ ︽ᠰᠤᠳᠠᠯ ᠪᠠᠷᠢᠬᠤ ᠮᠠᠶ᠋ᠢᠭ︾ ᠤᠨ ᠵᠢᠯᠤᠭᠤᠳᠤᠯᠭ᠎ᠠ ᠶᠢ ᠥᠷᠨᠢᠭᠦᠯᠪᠡ

    ︽ᠠᠰᠠᠷᠠᠭᠴᠢ ᠮᠠᠶ᠋ᠢᠭ︾ ᠤᠨ ᠪᠠᠶᠢᠩᠭᠤᠵᠢᠭᠤᠯᠤᠭᠰᠠᠨ ᠨᠡᠪᠲᠡᠷᠡᠯᠴᠡᠨ ᠦᠢᠯᠡᠴᠢᠯᠡᠬᠦ ᠲᠣᠭᠲᠠᠴᠠ ᠶᠢ ᠪᠠᠶᠢᠭᠤᠯᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ ᠲᠦᠷᠢᠮ ᠢ ᠲᠣᠭᠲᠠᠭᠠᠵᠤ᠂ ᠠᠰᠠᠭᠤᠳᠠᠯ ᠢ ᠲᠤᠰᠬᠠᠬᠤ ᠠᠴᠠ ᠠᠪᠤᠭᠠᠳ ᠰᠢᠢᠳᠪᠦᠷᠢᠯᠡᠵᠦ ᠨᠠᠶᠢᠳᠠᠪᠤᠷᠢᠵᠢᠭᠤᠯᠬᠤ ᠬᠦᠷᠲᠡᠯᠡᠬᠢ ᠠᠵᠢᠯ ᠤᠨ ᠪᠢᠲᠡᠭᠦᠦ ᠴᠠᠭᠠᠷᠢᠭ ᠢ ᠪᠤᠢ ᠪᠣᠯᠭᠠᠪᠠ᠃ ᠪᠦᠬᠦ ᠵᠢᠯ ᠳᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠨᠡᠶᠢᠳᠡ 195 ᠤᠳᠠᠭ᠎ᠠ ᠬᠤᠷᠠᠯᠳᠤᠭᠤᠯᠵᠤ᠂ ᠡᠯ᠎ᠡ ᠲᠦᠷᠦᠯ ᠤᠨ ᠠᠰᠠᠭᠤᠳᠠᠯ ᠢ 1278 ᠤᠳᠠᠭ᠎ᠠ ᠡᠯᠰᠡᠨ ᠴᠤᠭᠯᠠᠭᠤᠯᠵᠤ ᠰᠢᠢᠳᠪᠦᠷᠢᠯᠡᠪᠡ᠃

    ︽ᠢᠵᠢ ᠬᠡᠯᠪᠡᠷᠢ︾ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠪᠠ᠃ ᠡᠯ᠎ᠡ ᠬᠤᠰᠢᠭᠤ ᠰᠢᠶᠠᠨ ᠬᠤᠲᠠ ᠶᠢᠨ ᠲᠣᠭᠤᠷᠢᠭ ᠢ ᠵᠢᠯᠣᠭᠤᠳᠤᠨ ᠠᠵᠤ ᠠᠬᠤᠶᠢᠯᠠᠯ ᠤᠨ ᠳᠠᠩᠰᠠᠯᠠᠬᠤ᠂ ᠳᠠᠩᠰᠠᠨ ᠠᠴᠠ ᠬᠠᠰᠤᠬᠤ ᠶᠢᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠲᠦᠷᠭᠡᠳᠬᠡᠵᠦ᠂ ︽ᠢᠵᠢ ᠬᠡᠯᠪᠡᠷᠢ︾ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠪᠠᠶᠢᠭᠤᠯᠵᠤ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠴᠣᠮᠬᠠᠳᠬᠠᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠠᠵᠤ ᠠᠬᠤᠶᠢᠯᠠᠯ ᠳᠤ ᠨᠠᠩ ᠳᠥᠭᠦᠮ ᠳᠥᠲᠡ᠂ ᠨᠠᠩ ᠰᠢᠯᠢᠳᠡᠭ ᠦᠢᠯᠡᠴᠢᠯᠡᠭᠡ ᠬᠠᠩᠭᠠᠪᠠ᠃ ︽ᠨᠢᠭᠡ ᠤᠳᠠᠭ᠎ᠠ ᠬᠦᠷᠴᠦ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠶᠢᠨ ᠬᠠᠮᠲᠤ᠂ ︽ᠨᠢᠭᠡ ᠤᠳᠠᠭ᠎ᠠ ᠬᠦᠷᠴᠦ᠂ ᠣᠯᠠᠨ ᠵᠦᠢᠯ ᠤᠨ ᠶᠠᠪᠤᠳᠠᠯ ᠢ ᠭᠦᠢᠴᠡᠳᠬᠡᠬᠦ︾ ᠶᠢ ᠪᠡᠶᠡᠯᠡᠭᠦᠯᠪᠡ᠃

    ︽ᠪᠡᠶ᠎ᠡ ᠶᠢᠨ ᠪᠠᠶᠢᠴᠠᠭᠠᠯᠲᠠ ᠬᠡᠯᠪᠡᠷᠢ︾ ᠶᠢᠨ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠪᠠ᠃ ᠭᠤᠣᠯᠳᠠᠯᠭ᠎ᠠ ᠲᠠᠢ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠪᠠᠶᠢᠴᠠᠭᠠᠭᠰᠠᠨ ᠦᠷ᠎ᠡ ᠳ᠋ᠦᠩ ᠬᠢᠭᠡᠳ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠠᠵᠤ ᠠᠬᠤᠶᠢᠯᠠᠯ ᠤᠨ ᠢᠲᠡᠭᠡᠮᠵᠢ᠂ ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠰᠤᠳᠤᠯᠤᠨ ᠮᠠᠭᠠᠳᠯᠠᠵᠤ᠂ ︽ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠪᠣᠶ ᠪᠣᠯᠭᠠᠪᠠ᠃ ︽ᠲᠤᠭ᠎ᠠ ᠪᠠᠷᠢᠮᠲᠠ ᠨᠢ ᠬᠡᠪ ᠤᠨ ᠪᠤᠰᠤ︾ ᠠᠵᠤ ᠠᠬᠤᠶᠢᠯᠠᠯ ᠳᠤ ᠴᠢᠭᠯᠡᠭᠦᠯᠦᠨ᠂ ᠨᠡᠶᠢᠲᠡ 33 ᠤᠳᠠᠭ᠎ᠠ ᠪᠣᠯᠵᠣᠨ ᠶᠠᠷᠢᠯᠴᠠᠵᠤ᠂ 17 ᠬᠤᠪᠢ ᠰᠠᠨᠠᠭᠤᠯᠤᠨ ᠰᠡᠷᠡᠮᠵᠢᠯᠡᠭᠦᠯᠬᠦ ᠵᠠᠬᠢᠳᠠᠯ ᠢᠯᠡᠭᠡᠵᠦ᠂ ᠬᠡᠷᠡᠭ ᠤᠨ ᠡᠮᠦᠨ᠎ᠡ ᠨᠠᠷᠢᠯᠢᠭ ᠣᠨᠣᠴᠠᠲᠠᠶ ᠪᠠᠷ ᠣᠨᠣᠰᠢᠯᠠᠬᠤ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠪᠡ᠃

    ︽ᠨᠢᠭᠡ ᠥᠷᠲᠡᠭᠡ ᠮᠠᠶᠢᠭ︾ ᠤᠨ ᠠᠵᠤ ᠠᠬᠤᠢᠯᠠᠯ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠣᠭᠲᠠᠴᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠬᠤᠪᠢᠶᠠᠷᠢ ᠲᠥᠪ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠶᠡᠭᠡ ᠲᠢᠩᠬᠢᠮ ᠢ ᠫᠠᠶᠢᠰᠠ ᠡᠯᠭᠦᠨ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠤᠶᠤᠴᠢᠯᠠᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ᠡᠷᠬᠡ ᠪᠠᠨ ᠬᠠᠮᠠᠭᠠᠯᠠᠬᠤ ᠳᠤ ᠲᠤᠰᠠᠯᠠᠬᠤ ︽ᠨᠢᠭᠡ ᠥᠷᠲᠡᠭᠡᠨ ᠤ ᠮᠠᠶ᠋ᠢᠭ︾ ᠢᠶᠠᠷ ᠭᠥᠯᠢᠶᠡᠨ ᠠᠪᠴᠤ ᠰᠢᠢᠳᠪᠦᠷᠢᠯᠡᠬᠦ᠂ ︽ᠨᠢᠭᠡ ᠲᠥᠷᠥᠯ ᠤᠨ ᠮᠠᠶ᠋ᠢᠭ︾ ᠢᠶᠠᠷ ᠰᠢᠢᠳᠪᠦᠷᠢᠯᠡᠬᠦ ᠶᠢ ᠥᠷᠨᠢᠭᠦᠯᠪᠡ᠃ ᠡᠯ᠎ᠡ ᠬᠤᠰᠢᠭᠤ ᠰᠢᠶᠠᠨ ᠬᠤᠲᠠ ᠶᠢᠨ ᠲᠣᠭᠤᠷᠢᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠥᠷᠲᠡᠭᠡ ︵ᠴᠡᠭ︶ 83 ᠪᠠᠶᠢᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠶᠢ ᠰᠢᠢᠳᠪᠦᠷᠢᠯᠡᠬᠦ ᠴᠠᠭ ᠢ ᠤᠤᠯ ᠤᠨ 90 ᠡᠳᠦᠷ ᠠᠴᠠ 60 ᠡᠳᠦᠷ ᠪᠣᠯᠭᠠᠨ ᠪᠣᠭᠤᠨᠢᠰᠬᠠᠪᠠ᠃

    2 ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠤᠰᠯᠠᠭᠤᠯᠵᠤ᠂ ᠬᠡᠷᠡᠭ ᠤᠨ ᠳᠤᠮᠳᠠᠬᠢ ︽ᠬᠠᠨᠳᠤᠯᠭᠠᠲᠤ ᠮᠠᠶ᠋ᠢᠭ︾ ᠤᠨ ᠬᠠᠤᠯᠢ ᠬᠡᠷᠡᠭᠵᠢᠭᠦᠯᠦᠯᠲᠡ ᠶᠢ ᠦᠷᠨᠢᠭᠦᠯᠪᠡ

    ᠬᠦᠨᠳᠦ ᠨᠣᠴᠢᠲᠠᠢ ᠵᠥᠷᠢᠴᠡᠭᠰᠡᠨ ᠢ ᠴᠢᠩᠭ᠎ᠠ ᠰᠢᠢᠳᠬᠡᠬᠦ ᠶᠢ ᠪᠠᠷᠢᠮᠲᠠᠯᠠᠪᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠦᠷᠦᠯ ᠤᠨ ᠲᠥᠬᠦᠭᠡᠷᠦᠮᠵᠢ ᠪᠠ ᠠᠵᠤ ᠦᠢᠯᠡᠳᠪᠦᠷᠢ ᠶᠢᠨ ᠦᠢᠯᠡᠳᠬᠦᠨ ᠤ ᠬᠦᠷᠢᠶᠡᠨ ᠳᠠᠬᠢ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠳᠤ ᠬᠤᠯᠪᠣᠭᠳᠠᠬᠤ ᠲᠤᠪᠤᠶᠢᠮ᠎ᠠ ᠠᠰᠠᠭᠤᠳᠠᠯ ᠪᠠ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠳᠤ ᠡᠷᠡᠰ ᠰᠢᠭᠤᠷᠬᠠᠢ ᠪᠠᠷ ︽ᠰᠡᠯᠡᠮ᠎ᠡ ᠪᠠᠨ ᠭᠠᠷᠭᠠᠬᠤ︾ ᠶᠢ ᠪᠠᠷᠢᠮᠲᠠᠯᠠᠵᠤ᠂ ᠬᠦᠴᠦᠲᠡᠢ ᠴᠣᠬᠢᠯᠲᠠ ᠥᠭᠪᠡ᠃ ᠨᠡᠶᠢᠲᠡ 6 ᠲᠣᠮᠣ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠦᠨᠳᠦ ᠨᠣᠴᠢᠲᠠᠢ ᠵᠥᠷᠢᠴᠡᠭᠰᠡᠨ ᠢ ᠴᠢᠩᠭ᠎ᠠ ᠰᠢᠢᠳᠬᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠪᠠ᠃ ᠪᠠᠭᠲᠠᠭᠠᠮᠵᠢᠲᠠᠶ ᠪᠥᠭᠡᠳ ᠪᠣᠯᠭᠤᠮᠵᠢᠲᠠᠢ ᠪᠠᠶᠢᠬᠤ ᠶᠢ ᠪᠠᠷᠢᠮᠲᠠᠯᠠᠪᠠ᠃ ᠡᠩ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠠᠯᠳᠠᠭ᠎ᠠ ᠪᠤᠷᠤᠭᠤ ᠶᠢ ᠨᠢ ᠪᠠᠭᠲᠠᠭᠠᠬᠤ ᠲᠣᠭᠲᠠᠴᠠ ᠶᠢ ᠪᠠᠶᠢᠭᠤᠯᠵᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠥᠩᠭᠡᠨ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠦᠭᠡᠢ ᠨᠠᠷᠢᠨ ᠬᠠᠭᠤᠳᠠᠰᠤ︾ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠦᠭᠡᠢ ᠨᠠᠷᠢᠨ ᠬᠠᠭᠤᠳᠠᠰᠤ︾ ᠶᠢ ᠲᠣᠭᠲᠠᠭᠠᠨ ᠨᠡᠶᠢᠲᠡᠯᠡᠵᠦ᠂ ᠲᠣᠷᠭᠠᠬᠤ ᠠᠴᠠ ᠬᠡᠯᠲᠦᠷᠢᠭᠦᠯᠬᠦ ᠵᠦᠢᠯᠡᠰ ᠨᠡᠶᠢᠲᠡ 36 ᠵᠦᠢᠯ ᠢ ᠵᠢᠭᠰᠠᠭᠠᠨ ᠣᠷᠣᠭᠤᠯᠵᠤ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠭᠡᠢ ᠪᠠᠶᠢᠳᠠᠯ ᠢ 16 ᠵᠦᠢᠯ ᠢ ᠲᠣᠭᠲᠠᠭᠠᠵᠤ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠬᠦᠷᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠬᠠᠤᠯᠢ ᠬᠡᠷᠡᠭᠵᠢᠭᠦᠯᠬᠦ ᠳᠤᠯᠠᠭᠠᠴᠠ ᠶᠢ ᠢᠯᠡᠷᠡᠭᠦᠯᠪᠡ᠃ ᠲᠣᠷᠭᠠᠬᠤ ᠠᠴᠠ ᠬᠡᠯᠲᠦᠷᠢᠭᠦᠯᠦᠭᠰᠡᠨ ᠤ ᠳᠠᠷᠠᠭᠠᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠢᠯᠣᠭᠤᠳᠣᠯᠭ᠎ᠠ ᠵᠢᠷᠤᠮᠵᠢᠯ ᠪᠠ ᠵᠠᠯᠭᠠᠮᠵᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠷᠭᠠᠬᠤ ᠠᠴᠠ ᠭᠡᠯᠳᠦᠷᠢᠭᠦᠯᠬᠦ ᠳᠤ ᠬᠠᠷᠢᠭᠤᠴᠠᠯᠭ᠎ᠠ ᠠᠴᠠ ᠥᠯᠥ ᠬᠡᠯᠲᠦᠷᠢᠭᠦᠯᠬᠦ ᠶᠢ ᠦᠨᠡᠨ ᠬᠦ ᠪᠠᠲᠤᠯᠠᠵᠤ᠂ ᠲᠣᠷᠭᠠᠬᠤ ᠠᠴᠠ ᠭᠡᠯᠳᠦᠷᠢᠭᠦᠯᠬᠦ᠂ ᠴᠡᠭᠴᠡᠯᠡᠨ ᠰᠠᠶᠢᠵᠢᠷᠠᠭᠤᠯᠬᠤ᠂ ᠵᠢᠷᠤᠮᠵᠢᠭᠤᠯᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠪᠠ᠃ ᠪᠥᠬᠦ ᠵᠢᠯ ᠳᠤ ᠰᠢᠢᠳᠬᠡᠯ ᠠᠴᠠ ᠭᠡᠯᠳᠦᠷᠢᠭᠦᠯᠬᠦ ᠬᠡᠷᠡᠭ ᠢ ᠨᠡᠶᠢᠲᠡ 335 ᠬᠤᠪᠢ ᠬᠡᠷᠡᠭᠵᠢᠭᠦᠯᠵᠦ᠂ ᠡᠭᠦᠨ ᠳᠤ ᠠᠩᠬ᠎ᠠ ᠤᠳᠠᠭ᠎ᠠ ᠵᠥᠷᠢᠴᠡᠭᠰᠡᠨ ᠢ ᠥᠯᠥ ᠲᠣᠷᠭᠠᠭᠰᠠᠨ 118 ᠬᠡᠷᠡᠭ ᠂ ᠬᠥᠩᠭᠡᠪᠲᠦᠷ ᠵᠥᠷᠢᠴᠡᠭᠰᠡᠨ 217 ᠬᠡᠷᠡᠭ ᠢ ᠥᠯᠥ ᠲᠣᠷᠭᠠᠪᠠ︔ 142 ᠬᠡᠷᠡᠭ ᠢ ᠬᠥᠩᠭᠡᠷᠡᠭᠦᠯᠦᠨ ᠰᠢᠢᠳᠬᠡᠵᠦ᠂ 467.8 ᠲᠦᠮᠡᠨ ᠲᠥᠭᠦᠷᠢᠭ ᠢ ᠬᠥᠩᠭᠡᠷᠡᠭᠦᠯᠪᠡ᠃

    3 ᠳᠦᠷᠢᠮᠵᠢᠭᠦᠯᠦᠨ ᠥᠪᠡᠷ ᠢ ᠪᠠᠨ ᠱᠠᠭᠠᠷᠳᠠᠵᠤ᠂ ᠬᠡᠷᠡᠭ ᠤᠨ ᠳᠠᠷᠠᠭᠠᠬᠢ ︽ᠡᠷᠡᠭᠦᠯᠵᠢᠯ ᠤᠨ ᠮᠠᠶ᠋ᠢᠭ︾ ᠤᠨ ᠬᠠᠷᠢᠭᠤ ᠰᠤᠷᠪᠤᠯᠵᠢᠯᠠᠯ ᠢ ᠥᠷᠨᠢᠭᠦᠯᠪᠡ

    ᠱᠠᠲᠤ ᠲᠥᠷᠥᠯ ᠬᠤᠪᠢᠶᠠᠨ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠪᠠ᠃ ᠵᠠᠰᠠᠭ ᠵᠠᠬᠢᠷᠭᠠᠨ ᠤ ᠰᠢᠢᠳᠬᠡᠯ ᠤᠨ ᠲᠤᠬᠠᠶ ᠶᠢᠨ ᠬᠥᠮᠦᠨ ᠢ ᠰᠤᠷᠪᠤᠯᠵᠢᠯᠠᠬᠤ ᠪᠠᠷ ᠳᠠᠮᠵᠢᠭᠤᠯᠤᠨ᠂ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠤᠨ ᠲᠤᠬᠠᠶ ᠰᠠᠨᠠᠯ ᠢ ᠬᠤᠷᠢᠶᠠᠵᠤ᠂ ᠬᠠᠨᠳᠤᠯᠭᠠᠲᠤ ᠴᠢᠨᠠᠷᠲᠠᠶ ᠪᠠᠷ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠮᠡᠷᠭᠡᠵᠢᠯ ᠬᠦᠷᠭᠡᠬᠦ ᠪᠠᠷ ᠳᠠᠮᠵᠢᠭᠤᠯᠤᠨ᠂ ᠲᠤᠬᠠᠶ ᠶᠢᠨ ᠬᠥᠮᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠨᠠᠩ ᠢᠯᠡᠭᠦᠦ ᠵᠥᠪᠰᠢᠶᠡᠷᠡᠭᠦᠯᠵᠦ᠂ ᠡᠵᠡᠩᠨᠡᠯᠲᠡ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠦᠲᠦᠮᠵᠢᠲᠡᠶ ᠪᠠᠭᠠᠰᠬᠠᠵᠤ᠂ ︽ᠬᠠᠯᠠᠭᠤᠨ ᠳᠤᠯᠠᠭᠠᠨ︾ ᠲᠠᠢ ᠬᠠᠤᠯᠢ ᠬᠡᠷᠡᠭᠵᠢᠭᠦᠯᠦᠯᠲᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃ ᠢᠲᠡᠭᠡᠮᠵᠢ ᠶᠢ ᠰᠡᠷᠭᠦᠭᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠪᠡ᠃ ᠪᠥᠬᠦ ᠣᠷᠣᠨ ᠳᠤ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠬᠢᠭᠡᠳ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ︵ᠰᠠᠨᠠᠭᠤᠯᠤᠮᠵᠢ ᠶᠢᠨ ᠪᠢᠴᠢᠭ︶ ᠤᠨ ︽ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠠᠵᠢᠯ ᠤᠨ ᠲᠣᠭᠲᠠᠴᠠ ᠶᠢ ᠤᠷᠢᠳᠠᠪᠠᠷ ᠪᠠᠶᠢᠭᠤᠯᠵᠤ᠂ ︽ᠨᠢᠭᠡ ᠰᠢᠢᠳᠬᠡᠪᠡᠯ ᠨᠢᠭᠡ ᠮᠡᠳᠡᠭᠳᠡᠬᠦ ︵ᠰᠠᠨᠠᠭᠤᠯᠬᠤ︶︾ ᠢ ᠬᠡᠷᠡᠭᠵᠢᠭᠦᠯᠵᠦ᠂ ᠢᠲᠡᠭᠡᠮᠵᠢ ᠶᠢ ᠰᠡᠷᠭᠦᠭᠡᠬᠦ ᠬᠠᠨᠳᠤᠯᠭᠠᠲᠤ ᠴᠢᠨᠠᠷ ᠢ ᠨᠡᠮᠡᠭᠳᠡᠭᠦᠯᠪᠡ᠃ ᠡᠨᠡ ᠵᠢᠯ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠡᠶᠢᠲᠡ 15677 ᠡᠷᠦᠬᠡ ᠶᠢᠨ ᠢᠲᠡᠭᠡᠮᠵᠢ ᠶᠢ ᠰᠡᠷᠭᠦᠭᠡᠨ ᠥᠭᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠪᠡ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
Baidu
map