2023 ᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠨᠡᠮᠯᠡᠯ ᠤᠨ ᠳᠠᠷᠠᠭᠠᠬᠢ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/4/17

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠂ ᠡᠯ᠎ᠡ ᠬᠢᠨᠠᠨ ᠲᠣᠭᠲᠠᠭᠠᠬᠤ ᠪᠠᠶᠢᠭᠤᠯᠤᠮᠵᠢ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄

    ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠪᠠ ᠰᠠᠪᠠᠯᠠᠵᠤ ᠲᠥᠬᠦᠭᠡᠷᠬᠦ ᠨᠢᠭᠡᠴᠢ ᠵᠢᠴᠢ ᠰᠢᠯᠭᠠᠨ ᠬᠡᠮᠵᠢᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠦᠷᠢᠮ︾ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ 2023 ᠣᠨ ᠳᠤ ᠮᠠᠨ ᠤ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠨᠡᠮᠯᠡᠯ ᠤᠨ ᠳᠠᠷᠠᠭᠠᠬᠢ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ ᠬᠠᠮᠢᠶ᠎ᠠ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄

ᠨᠢᠭᠡ᠂ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ

    ᠲᠣᠰ ᠤᠳᠠᠭᠠᠨ ᠤ ᠬᠢᠨᠠᠯᠲᠠ ᠲᠠᠯᠪᠢᠵᠤ ᠪᠠᠶᠢᠴᠠᠭᠠᠬᠤ ᠳᠤ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠪᠠ ︽ᠬᠤᠶᠠᠷ ᠢ ᠲᠠᠰᠢᠷᠠᠮ ᠢᠶᠠᠷ︾ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠵᠠᠬᠢᠳᠠᠯ ᠰᠤᠷᠪᠤᠯᠵᠢᠯᠠᠭ᠎ᠠ᠂ ᠵᠠᠭᠠᠯᠳᠤᠵᠤ ᠢᠯᠡᠴᠢᠯᠡᠨ ᠮᠡᠳᠡᠭᠦᠯᠬᠦ ᠪᠠ ᠡᠳᠦᠷ ᠲᠤᠲᠤᠮ ᠤᠨ ᠬᠢᠨᠠᠨ ᠪᠠᠶᠢᠴᠠᠭᠠᠬᠤ᠂ ᠰᠢᠯᠭᠠᠨ ᠬᠡᠮᠵᠢᠬᠦ᠂ ᠰᠢᠯᠭᠠᠨ ᠲᠣᠭᠲᠠᠭᠠᠵᠤ ᠬᠢᠨᠠᠨ ᠲᠣᠭᠲᠠᠭᠠᠬᠤ ᠵᠡᠷᠭᠡ ᠠᠵᠢᠯ ᠤᠨ ᠳᠤᠮᠳᠠ ᠠᠰᠠᠭᠤᠳᠠᠯ ᠢ ᠢᠯᠡᠷᠡᠭᠦᠯᠦᠭᠰᠡᠨ ᠨᠢᠭᠡᠴᠢ ᠶᠢ ᠭᠤᠤᠯᠳᠠᠯᠭ᠎ᠠ ᠲᠠᠢ ᠴᠢᠬᠤᠯᠠᠴᠢᠯᠠᠪᠠ᠃ ᠨᠡᠶᠢᠲᠡ144 ᠪᠠᠶᠢᠴᠠᠭᠠᠬᠤ ᠡᠲᠡᠭᠡᠳ ᠢ ᠰᠣᠩᠭᠤᠨ ᠠᠪᠴᠤ᠂ ᠡᠭᠦᠨ ᠳᠤ᠂ ᠳᠠᠷᠤᠯᠲᠠᠲᠤ ᠬᠤᠭᠤᠯᠠᠶ ᠶᠢ ᠵᠢᠷᠤᠵᠤ ᠲᠥᠯᠥᠪᠯᠡᠬᠦ 1 ᠨᠢᠭᠡᠴᠢ᠂ ᠳᠠᠷᠤᠯᠲᠠᠲᠤ ᠬᠤᠭᠤᠯᠠᠶ ᠶᠢᠨ ᠲᠣᠨᠤᠭ ᠢ ᠦᠢᠯᠡᠳᠬᠦ 2 ᠨᠢᠭᠡᠴᠢ᠂ ᠭᠦᠸᠧᠯᠦ ᠤᠭᠰᠠᠷᠠᠬᠤ 9 ᠨᠢᠭᠡᠴᠢ᠂ ᠳᠠᠷᠤᠯᠳᠠᠲᠤ ᠬᠤᠭᠤᠯᠠᠢ ᠶᠢ ᠤᠭᠰᠠᠷᠠᠬᠤ 9 ᠨᠢᠭᠡᠴᠢ᠂ ᠰᠢᠯᠵᠢᠮᠡᠯ ᠬᠡᠯᠪᠡᠷᠢ ᠶᠢᠨ ᠳᠠᠷᠤᠯᠲᠠᠲᠤ ᠰᠠᠪᠠ ᠪᠠ ᠬᠡᠶᠢᠲᠦ ᠯᠣᠩᠬᠤ ᠶᠢ ᠰᠠᠪᠠᠯᠠᠵᠤ ᠲᠥᠬᠦᠭᠡᠷᠬᠦ 38 ᠨᠢᠭᠡᠴᠢ᠂ ᠴᠠᠬᠢᠯᠭᠠᠨ ᠱᠠᠲᠤ ᠤᠭᠰᠠᠷᠠᠬᠤ 12 ᠨᠢᠭᠡᠴᠢ᠂ ᠬᠦᠨᠳᠦ ᠶᠢ ᠡᠷᠭᠦᠬᠦ ᠮᠠᠰᠢᠨ ᠮᠧᠬᠠᠨᠢᠭ ᠦᠢᠯᠡᠳᠴᠦ ᠤᠭᠰᠠᠷᠠᠬᠤ 11 ᠨᠢᠭᠡᠴᠢ᠂ ᠲᠠᠯᠠᠪᠤᠷ ︵ᠦᠢᠯᠡᠳᠪᠦᠷᠢ︶ ᠤᠨ ᠳᠣᠲᠣᠷᠠᠬᠢ ᠲᠤᠰᠬᠠᠶ ᠬᠡᠷᠡᠭᠯᠡᠬᠦ ᠮᠠᠰᠢᠨ ᠲᠡᠷᠭᠡ ᠰᠡᠯᠪᠢᠨ ᠵᠠᠰᠠᠬᠤ 5 ᠨᠢᠭᠡᠴᠢ᠂ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ 15 ᠪᠠᠶᠢᠭᠤᠯᠤᠮᠵᠢ᠂ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ 10 ᠪᠠᠶᠢᠭᠤᠯᠤᠮᠵᠢ᠂ ᠠᠶᠤᠯᠭᠦᠢ ᠨᠡᠭᠡᠯᠡᠬᠡᠶ ᠶᠢᠨ ᠰᠢᠯᠭᠠᠨ ᠪᠠᠶᠢᠴᠠᠭᠠᠬᠤ 12 ᠪᠠᠶᠢᠭᠤᠯᠤᠮᠵᠢ᠂ ᠬᠤᠬᠢᠷᠠᠯ ᠦᠭᠡᠢ ᠪᠠᠶᠢᠴᠠᠭᠠᠨ ᠬᠡᠮᠵᠢᠬᠦ 5 ᠪᠠᠶᠢᠭᠤᠯᠤᠮᠵᠢ᠂ ᠴᠠᠬᠢᠯᠭᠠᠨ ᠱᠠᠲᠤ ᠪᠠᠶᠢᠴᠠᠭᠠᠨ ᠬᠡᠮᠵᠢᠬᠦ 9 ᠪᠠᠶᠢᠭᠤᠯᠤᠮᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ 13 ᠪᠠᠶᠢᠭᠤᠯᠤᠮᠵᠢ᠂ ᠠᠰᠠᠭᠤᠳᠠᠯ ᠢ ᠢᠯᠡᠷᠡᠭᠦᠯᠦᠭᠰᠡᠨ 58 ᠨᠢᠭᠡᠴᠢ ᠪᠠᠶᠢᠵᠤ᠂ ᠰᠤᠭᠤᠴᠢᠨ ᠪᠠᠶᠢᠴᠠᠭᠠᠬᠤ ᠬᠠᠷᠢᠴᠠᠯ ᠤᠨ 40.3% ᠶᠢ ᠡᠵᠡᠯᠡᠪᠡ᠃

ᠬᠤᠶᠠᠷ᠂ ᠣᠷᠣᠰᠢᠵᠤ ᠪᠠᠶᠢᠭ᠎ᠠ ᠠᠰᠠᠭᠤᠳᠠᠯ

    ︵ᠨᠢᠭᠡ︶ ᠦᠢᠯᠡᠳᠪᠦᠷᠢᠯᠡᠬᠦ ᠪᠠ ᠰᠠᠪᠠᠯᠠᠵᠤ ᠳᠦᠭᠦᠷᠭᠡᠬᠦ ᠨᠢᠭᠡᠴᠢ

    1. ᠡᠬᠢ ᠪᠠᠶᠠᠯᠢᠭ ᠤᠨ ᠨᠥᠬᠦᠴᠡᠯ ᠤᠨ ᠲᠠᠯ᠎ᠠ ᠪᠠᠷ᠃ ᠬᠡᠰᠡᠭ ᠦᠢᠯᠡᠳᠪᠦᠷᠢᠯᠡᠬᠦ ᠰᠠᠪᠠᠯᠠᠵᠤ ᠲᠥᠬᠦᠭᠡᠷᠬᠦ ᠨᠢᠭᠡᠴᠢ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮ ᠤᠨ ᠬᠠᠷᠢᠭᠤᠴᠠᠯᠭ᠎ᠠ ᠡᠭᠦᠷᠭᠡᠯᠡᠭᠴᠢ᠂ ᠦᠨᠡᠮᠯᠡᠯ ᠠᠪᠴᠤ ᠪᠠᠶᠢᠭ᠎ᠠ ᠠᠵᠢᠯᠲᠠᠨ ᠤ ᠲᠣᠬᠢᠷᠠᠭᠤᠯᠤᠯᠲᠠ ᠨᠢ ᠵᠥᠪᠰᠢᠶᠡᠷᠡᠯ ᠤᠨ ᠳᠦᠷᠢᠮ ᠤᠨ ᠱᠠᠭᠠᠷᠳᠠᠯᠭ᠎ᠠ ᠶᠢ ᠦᠷᠭᠦᠯᠵᠢᠯᠡᠨ ᠬᠠᠩᠭᠠᠵᠤ ᠳᠡᠶᠢᠯᠬᠦ ᠦᠭᠡᠶ︔ ᠪᠡᠯᠡᠳᠬᠡᠮᠵᠢ᠂ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠵᠥᠪᠰᠢᠶᠡᠷᠡᠯ ᠤᠨ ᠳᠦᠷᠢᠮ ᠤᠨ ᠱᠠᠭᠠᠷᠳᠠᠯᠭ᠎ᠠ ᠶᠢ ᠦᠷᠭᠦᠯᠵᠢᠯᠡᠨ ᠬᠠᠩᠭᠠᠵᠤ ᠳᠡᠶᠢᠯᠬᠦ ᠦᠭᠡᠶ︔ ᠬᠡᠮᠵᠢᠭᠦᠷᠯᠢᠭ ᠲᠥᠬᠦᠭᠡᠷᠦᠮᠵᠢ᠂ ᠬᠡᠮᠵᠢᠯᠲᠡ ᠶᠢᠨ ᠪᠠᠭᠠᠵᠢ ᠬᠡᠷᠡᠭᠰᠡᠯ ᠨᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠣᠭᠲᠠᠭᠠᠵᠤ᠂ ᠰᠢᠯᠭᠠᠨ ᠣᠨᠣᠪᠴᠢᠯᠠᠭᠰᠠᠨ ᠦᠭᠡᠢ᠂ ᠰᠢᠯᠭᠠᠨ ᠲᠣᠭᠲᠠᠭᠠᠵᠤ᠂ ᠰᠢᠯᠭᠠᠨ ᠣᠨᠣᠪᠴᠢᠯᠠᠭᠰᠠᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠦᠯᠦᠨ ᠬᠡᠷᠡᠭᠯᠡᠭᠰᠡᠨ᠃ ᠣᠨᠴᠠ ᠵᠠᠷᠢᠮ ᠦᠢᠯᠡᠳᠪᠦᠷᠢᠯᠡᠯ ᠤᠨ ᠨᠢᠭᠡᠴᠢ ᠨᠢ ᠠᠵᠢᠯᠯᠠᠬᠤ ᠭᠠᠵᠠᠷ ᠢᠶᠠᠨ ᠨᠡᠭᠦᠯᠭᠡᠭᠰᠡᠨ ᠤ ᠳᠠᠷᠠᠭ᠎ᠠ᠂ ᠵᠥᠪᠰᠢᠶᠡᠷᠡᠯ ᠤᠨ ᠦᠨᠡᠮᠯᠡᠯ ᠢ ᠬᠤᠪᠢᠷᠠᠭᠤᠯᠬᠤ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ᠃

    2. ᠵᠠᠩᠭᠢᠯᠠᠭ᠎ᠠ ᠶᠢᠨ ᠶᠠᠪᠤᠴᠠ ᠪᠠ ᠦᠢᠯᠡᠳᠬᠦᠨ ᠤ ᠠᠮᠤᠷ ᠲᠦᠪᠰᠢᠨ ᠤ ᠴᠢᠳᠠᠮᠵᠢ ᠶᠢᠨ ᠲᠠᠯ᠎ᠠ ᠪᠠᠷ᠃ ᠬᠡᠰᠡᠭ ᠦᠢᠯᠡᠳᠪᠦᠷᠢᠯᠡᠬᠦ ᠨᠢᠭᠡᠴᠢ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 73 ᠳ᠋ᠤᠭᠠᠷ ᠲᠣᠭᠠᠲᠤ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠳᠣᠭᠢᠷᠠᠭᠤᠯᠤᠨ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠳᠣᠭᠢᠷᠠᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠦᠭᠡᠢ︔ ᠶᠠᠰᠤ ᠴᠢᠨᠠᠷ ᠤᠨ ᠪᠠᠲᠤᠯᠠᠭ᠎ᠠ ᠶᠢᠨ ᠭᠠᠷ ᠳᠡᠪᠲᠡᠷ᠂ ᠲᠠᠰ ᠳᠠᠷᠠᠭᠠᠯᠠᠯ ᠤᠨ ᠪᠢᠴᠢᠭ ᠮᠠᠲ᠋ᠧᠷᠢᠶᠠᠯ᠂ ᠬᠠᠮᠢᠶᠠᠷᠤᠯᠲᠠ ᠶᠢᠨ ᠲᠦᠷᠢᠮ ᠳᠠᠬᠢ ᠡᠵᠡᠮᠳᠡᠬᠦ ᠠᠭᠤᠯᠭ᠎ᠠ ᠨᠢ ᠪᠦᠷᠢᠨ ᠪᠤᠰᠤ︔ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠢ ᠬᠡᠷᠡᠭᠵᠢᠭᠦᠯᠬᠦ ᠳᠤᠮᠳᠠ ᠬᠦᠷᠦᠯᠴᠡᠬᠦ ᠦᠭᠡᠢ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ ᠪᠠ ᠰᠢᠰᠲ᠋ᠧᠮ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠥᠬᠡᠶ᠃ ᠣᠨᠴᠠ ᠵᠠᠷᠢᠮ ᠦᠢᠯᠡᠳᠪᠦᠷᠢᠯᠡᠯ ᠤᠨ ᠨᠢᠭᠡᠴᠢ ᠶᠢᠨ ᠭᠠᠩᠨᠠᠨ ᠵᠠᠯᠭᠠᠬᠤ ᠠᠵᠢᠯᠲᠠᠨ ᠨᠢ ᠦᠨᠡᠮᠯᠡᠯ ᠤᠨ ᠲᠥᠷᠥᠯ ᠵᠦᠢᠯ ᠠᠴᠠ ᠬᠡᠲᠦᠷᠡᠭᠦᠯᠦᠨ ᠭᠠᠩᠨᠠᠬᠤ︔ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠨᠢ ᠵᠢᠷᠤᠮᠵᠢᠯ ᠦᠭᠡᠢ᠂ ᠪᠦᠷᠢᠨ ᠭᠦᠢᠴᠡᠳ ᠪᠤᠰᠤ᠃ ᠬᠡᠰᠡᠭ ᠴᠠᠬᠢᠯᠭᠠᠨ ᠱᠠᠲᠤ ᠤᠭᠰᠠᠷᠠᠬᠤ ᠨᠢᠭᠡᠴᠢ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠨᠢ ᠬᠦᠷᠦᠯᠴᠡᠬᠦ ᠦᠭᠡᠶ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠭᠰᠠᠨ ᠴᠠᠬᠢᠯᠭᠠᠨ ᠱᠠᠲᠤ ᠨᠢ ᠳᠠᠷᠤᠬᠤ ᠳᠤ ᠬᠠᠷᠢᠭᠤ ᠦᠭᠡᠶ ᠂ ᠠᠰᠠᠷ ᠤᠨ ᠳᠠᠪᠬᠤᠷᠭ᠎ᠠ ᠶᠢᠨ ᠦᠵᠡᠭᠦᠯᠦᠯᠭᠡ ᠵᠡᠷᠭᠡ ᠳᠣᠬᠢᠶᠠᠨ ᠤ ᠰᠢᠰᠲ᠋ᠧᠮ ᠤᠨ ᠠᠵᠢᠯ ᠤᠨ ᠵᠢᠭᠠᠪᠤᠷᠢ ᠨᠢ ᠵᠥᠪ ᠪᠤᠰᠤ᠂ ᠴᠠᠬᠢᠯᠭᠠᠨ ᠱᠠᠲᠤ ᠶᠢᠨ ᠬᠡᠪ ᠤᠨ ᠭᠡᠷᠡᠯᠲᠦᠭᠦᠯᠭᠡ ᠲᠠᠰᠤᠯᠤᠭᠰᠠᠨ ᠤ ᠳᠠᠷᠠᠭ᠎ᠠ ᠪᠠᠴᠢᠮ ᠭᠡᠷᠡᠯᠲᠦᠭᠦᠯᠭᠡ ᠨᠢ ᠭᠡᠷᠡᠯᠲᠦᠬᠦ ᠦᠭᠡᠢ᠂ ᠴᠠᠬᠢᠯᠭᠠᠨ ᠱᠠᠲᠤ ᠶᠢᠨ ᠰᠡᠦᠬᠡᠨ ᠥᠷᠥᠭᠡ ᠳᠣᠲᠣᠷᠠᠬᠢ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠨᠢ ᠬᠦᠴᠦᠨ ᠦᠭᠡᠶ ᠪᠣᠯᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃

    ︵ᠬᠤᠶᠠᠷ︶ ᠰᠢᠯᠭᠠᠨ ᠬᠡᠮᠵᠢᠬᠦ ᠪᠠᠶᠢᠭᠤᠯᠤᠮᠵᠢ

    1. ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠪᠠᠶᠢᠭᠤᠯᠤᠮᠵᠢ᠃ ᠬᠡᠰᠡᠭ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠶᠠᠰᠤ ᠴᠢᠨᠠᠷ ᠤᠨ ᠰᠢᠰᠲ᠋ᠧᠮ ᠤᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠢ᠃ ᠵᠢᠱᠢᠶᠡᠯᠡᠪᠡᠯ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠠᠪᠤᠴᠠ ᠳᠤ ᠰᠢᠯᠭᠠᠨ ᠪᠠᠶᠢᠴᠠᠭᠠᠬᠤ ᠪᠠᠷ ᠪᠠᠶᠢᠭ᠎ᠠ ᠲᠣᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠦᠭᠡᠶ᠂ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ ᠶᠢᠨ ᠲᠡᠮᠳᠡᠭᠯᠡᠯ ᠨᠢ ᠪᠦᠷᠢᠨ ᠪᠤᠰᠤ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠣᠷᠬᠢᠭᠳᠠᠭᠤᠯᠤᠭᠰᠠᠨ᠂ ᠪᠤᠷᠤᠭᠤ ᠰᠢᠯᠭᠠᠨ ᠪᠠᠶᠢᠴᠠᠭᠠᠭᠰᠠᠨ ᠠᠰᠠᠭᠤᠳᠠᠯ ᠣᠷᠣᠰᠢᠵᠤ ᠪᠠᠶᠢᠨ᠎ᠠ᠃ ᠣᠨᠴᠠ ᠵᠠᠷᠢᠮ ᠪᠠᠶᠢᠭᠤᠯᠤᠮᠵᠢ ᠶᠢᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠠᠭᠤᠯᠭ᠎ᠠ ᠪᠣᠯᠤᠨ ᠠᠩᠬᠠᠨ ᠤ ᠲᠡᠮᠳᠡᠭᠯᠡᠯ ᠤᠨ ᠠᠭᠤᠯᠭ᠎ᠠ ᠨᠢ ᠨᠢᠭᠡᠳᠦᠯ ᠦᠭᠡᠶ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠰᠢᠯᠭᠠᠭᠰᠠᠨ ᠣᠷᠣᠨ ᠪᠠᠶᠢᠷᠢ ᠶᠢᠨ ᠲᠣᠳᠣᠷᠬᠠᠶᠢᠯᠠᠯᠲᠠ ᠨᠢ ᠣᠨᠣᠪᠴᠢᠲᠠᠶ ᠦᠭᠡᠶ᠃

    2. ᠬᠡᠶᠢᠲᠦ ᠯᠣᠩᠬᠤ ᠰᠢᠯᠭᠠᠨ ᠪᠠᠶᠢᠴᠠᠭᠠᠬᠤ ᠪᠠᠶᠢᠭᠤᠯᠤᠮᠵᠢ᠃ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠳᠤᠲᠠᠭᠳᠠᠵᠤ᠂ ᠬᠡᠰᠡᠭ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ ᠰᠢᠯᠭᠠᠨ ᠪᠠᠶᠢᠴᠠᠭᠠᠬᠤ ᠬᠠᠷᠢᠭᠤᠴᠠᠯᠭᠠᠲᠠᠨ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠢ ᠲᠣᠮᠢᠯᠠᠭᠰᠠᠨ ᠦᠭᠡᠢ᠂ ᠠᠵᠢᠯᠲᠠᠨ ᠨᠢ ᠬᠢᠨᠠᠨ ᠵᠥᠪᠰᠢᠶᠡᠷᠡᠬᠦ ᠳᠦᠷᠢᠮ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠦᠨᠡᠮᠯᠡᠯ ᠲᠠᠢ ᠰᠢᠯᠭᠠᠬᠤ ᠠᠵᠢᠯᠲᠠᠨ ᠤ ᠲᠤᠭ᠎ᠠ ᠨᠢ ᠬᠢᠨᠠᠨ ᠵᠥᠪᠰᠢᠶᠡᠷᠡᠬᠦ ᠳᠦᠷᠢᠮ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠬᠤ ᠪᠡᠯᠡᠳᠬᠡᠮᠵᠢ᠂ ᠲᠥᠬᠦᠭᠡᠷᠦᠮᠵᠢ ᠪᠠ ᠴᠢᠬᠤᠯᠠ ᠪᠦᠬᠦᠢ ᠪᠠᠭᠠᠵᠢ ᠶᠢ ᠦᠷᠭᠦᠯᠵᠢᠯᠡᠨ ᠪᠠᠲᠤᠯᠠᠵᠤ ᠳᠡᠶᠢᠯᠬᠦ ᠦᠭᠡᠢ᠂ ᠣᠳᠣ ᠶᠢᠨ ᠪᠠᠶᠢᠭ᠎ᠠ ᠲᠥᠬᠦᠭᠡᠷᠦᠮᠵᠢ ᠶᠢᠨ ᠴᠢᠳᠠᠮᠵᠢ ᠨᠢ ᠪᠦᠷᠢᠨ ᠪᠤᠰᠤ ᠨᠢᠭᠡᠨᠲᠡ ᠰᠢᠯᠭᠠᠨ ᠪᠠᠶᠢᠴᠠᠭᠠᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠣᠭᠰᠠᠨ︔ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠬᠤ ᠲᠠᠯᠠᠪᠤᠷ ᠢᠶᠠᠨ ᠬᠤᠪᠢᠷᠠᠭᠤᠯᠤᠭᠰᠠᠨ ᠤ ᠳᠠᠷᠠᠭ᠎ᠠ᠂ ᠬᠠᠷᠠᠭᠠᠯᠵᠠᠭᠰᠠᠨ ᠬᠤᠪᠢᠷᠠᠭᠤᠯᠬᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ ᠦᠭᠡᠢ᠃ ᠬᠡᠰᠡᠭ ᠪᠠᠶᠢᠭᠤᠯᠤᠮᠵᠢ ᠨᠢ TSG Z7001 — 2021 ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠲᠦᠷᠢᠮ︾ ᠤᠨ ᠶᠣᠰᠣᠭᠠᠷ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠭᠰᠠᠨ ᠥᠬᠡᠶ︔ ᠲᠣᠭᠲᠠᠭᠠᠯ ᠶᠣᠰᠣᠭᠠᠷ ᠣᠨ ᠤ ᠳᠣᠲᠣᠭᠠᠳᠤ ᠶᠢᠨ ᠬᠢᠨᠠᠨ ᠬᠠᠷᠭᠤᠭᠤᠯᠬᠤ ᠪᠠ ᠬᠠᠮᠢᠶᠠᠷᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠦᠭᠡᠢ᠃ ᠬᠡᠰᠡᠭ ᠪᠠᠶᠢᠭᠤᠯᠤᠮᠵᠢ ᠶᠢᠨ ᠨᠠᠶᠢᠷᠠᠭᠤᠯᠤᠨ ᠵᠣᠬᠢᠶᠠᠭᠰᠠᠨ ᠠᠵᠢᠯ ᠤᠨ ᠵᠢᠯᠣᠭᠤᠳᠬᠤ ᠪᠢᠴᠢᠭ ᠪᠠ ᠶᠠᠰᠤ ᠴᠢᠨᠠᠷ ᠤᠨ ᠲᠡᠮᠳᠡᠭᠯᠡᠯ ᠢ ᠲᠠᠭᠯᠠᠨ ᠪᠢᠴᠢᠭᠰᠡᠨ ᠨᠢ ᠵᠢᠷᠤᠮᠵᠢᠯ ᠦᠭᠡᠢ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ᠂ ᠰᠢᠯᠭᠠᠨ ᠪᠠᠶᠢᠴᠠᠭᠠᠭᠰᠠᠨ ᠲᠡᠮᠳᠡᠭᠯᠡᠯ ᠳᠤ ᠲᠡᠮᠳᠡᠭᠯᠡᠯ ᠤᠨ ᠳ᠋ᠤᠭᠠᠷ᠂ ᠬᠡᠷᠡᠭᠯᠡᠬᠦ ᠳᠠᠩᠰᠠᠯᠠᠯ ᠤᠨ ᠦᠨᠡᠮᠯᠡᠯ ᠤᠨ ᠳ᠋ᠤᠭᠠᠷ᠂ ᠵᠠᠳᠠᠷᠠᠵᠤ ᠳᠦᠷᠰᠦ ᠬᠤᠪᠢᠷᠠᠬᠤ ᠲᠥᠷᠥᠯ ᠵᠦᠢᠯ᠂ ᠲᠣᠭᠲᠠᠮᠠᠯ ᠲᠣᠨᠣᠭᠯᠠᠯ ᠤᠨ ᠲᠥᠷᠥᠯ ᠵᠦᠢᠯ᠂ ᠠᠭᠠᠷ ᠪᠢᠲᠡᠭᠦᠮᠵᠢᠯᠡᠬᠦ ᠴᠢᠨᠠᠷ ᠤᠨ ᠲᠤᠷᠰᠢᠯᠲᠠ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠪᠠ ᠰᠢᠯᠭᠠᠨ ᠪᠠᠶᠢᠴᠠᠭᠠᠭᠰᠠᠨ ᠠᠵᠢᠯᠲᠠᠨ ᠤ ᠭᠠᠷ ᠤᠨ ᠦᠰᠦᠭ ᠵᠡᠷᠭᠡ᠃

    3. ᠬᠤᠬᠢᠷᠠᠯ ᠦᠭᠡᠢ ᠪᠠᠶᠢᠴᠠᠭᠠᠨ ᠬᠡᠮᠵᠢᠬᠦ ᠪᠠᠶᠢᠭᠤᠯᠤᠮᠵᠢ᠃ ᠬᠡᠰᠡᠭ ᠬᠤᠬᠢᠷᠠᠯ ᠦᠭᠡᠶ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠲᠠᠢ ᠬᠤᠯᠪᠣᠭᠳᠠᠬᠤ ᠠᠶᠤᠯᠭᠦᠢ ᠶᠢᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠳᠤᠲᠠᠭᠳᠠᠵᠤ᠂ ᠬᠡᠰᠡᠭ ᠠᠶᠤᠯᠭᠦᠢ ᠶᠢᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠬᠡᠪᠯᠡᠯ ᠪᠢᠰᠢ᠃ ᠬᠡᠰᠡᠭ ᠪᠠᠶᠢᠭᠤᠯᠤᠮᠵᠢ ᠶᠢᠨ ᠶᠠᠰᠤ ᠴᠢᠨᠠᠷ ᠢ ᠪᠠᠲᠤᠯᠠᠬᠤ ᠭᠠᠷ ᠳᠡᠪᠲᠡᠷ᠂ ᠲᠠᠰ ᠳᠠᠷᠠᠭᠠᠯᠠᠯ ᠤᠨ ᠪᠢᠴᠢᠭ ᠮᠠᠲ᠋ᠧᠷᠢᠶᠠᠯ ᠪᠤᠶᠤ ᠬᠠᠮᠢᠶᠠᠷᠤᠯᠲᠠ ᠶᠢᠨ ᠲᠦᠷᠢᠮ ᠳᠤ ᠬᠤᠬᠢᠷᠠᠯ ᠦᠭᠡᠢ ᠬᠡᠮᠵᠢᠬᠦ ᠵᠠᠷᠯᠢᠭ ᠤᠨ ᠡᠵᠡᠮᠰᠢᠯ ᠤᠨ ᠲᠣᠭᠲᠠᠭᠠᠯ ᠢ ᠲᠣᠳᠣᠷᠬᠠᠶ ᠲᠣᠭᠲᠠᠭᠠᠭᠰᠠᠨ ᠦᠭᠡᠢ᠂ ᠪᠢᠴᠢᠭ ᠮᠠᠲ᠋ᠧᠷᠢᠶᠠᠯ᠂ ᠲᠡᠮᠳᠡᠭᠯᠡᠯ ᠤᠨ ᠳ᠋ᠤᠭᠠᠷᠯᠠᠬᠤ ᠬᠡᠪᠴᠢᠶ᠎ᠡ᠂ ᠳ᠋ᠤᠭᠠᠷᠯᠠᠬᠤ ᠠᠷᠭ᠎ᠠ ᠵᠢᠴᠢ ᠱᠠᠭᠠᠷᠳᠠᠯᠭ᠎ᠠ ᠶᠢ ᠲᠣᠭᠲᠠᠭᠠᠭᠰᠠᠨ ᠦᠭᠡᠢ᠂ ᠴᠣᠷ ᠤᠨ ᠭᠠᠭᠴᠠ ᠴᠢᠨᠠᠷ ᠤᠨ ᠢᠯᠡᠷᠬᠡᠶᠢᠯᠡᠯ ᠬᠢᠵᠦ ᠪᠣᠯᠬᠤ ᠦᠭᠡᠢ᠃ ᠬᠡᠰᠡᠭ ᠪᠠᠶᠢᠭᠤᠯᠤᠮᠵᠢ ᠶᠢᠨ UT ᠪᠠᠶᠢᠴᠠᠭᠠᠨ ᠬᠡᠮᠵᠢᠬᠦ ᠬᠠᠷᠢᠭᠤᠴᠠᠯᠭᠠᠲᠠᠨ ᠨᠢ UT — Ⅱ ᠲᠠᠰ ᠤᠨ ᠦᠨᠡᠮᠯᠡᠯ ᠣᠯᠣᠭᠰᠠᠨ ᠴᠠᠭ ᠨᠢ 4 ᠵᠢᠯ ᠬᠥᠷᠬᠦ ᠥᠬᠡᠶ︔ ᠬᠤᠬᠢᠷᠠᠯ ᠦᠭᠡᠢ ᠬᠡᠮᠵᠢᠬᠦ ᠠᠵᠢᠯᠯᠠᠭᠠᠨ ᠤ ᠵᠢᠯᠣᠭᠤᠳᠬᠤ ᠪᠢᠴᠢᠭ ᠤᠨ ᠬᠡᠮᠵᠢᠬᠦ ᠲᠠᠰ ᠳᠠᠷᠠᠭᠠᠯᠠᠯ ᠤᠨ ᠠᠭᠤᠯᠭ᠎ᠠ ᠶᠢ ᠲᠠᠭᠯᠠᠭᠰᠠᠨ ᠨᠢ ᠪᠦᠷᠢᠨ ᠪᠤᠰᠤ᠂ ᠵᠥᠪ ᠪᠤᠰᠤ ᠪᠠᠶᠢᠵᠤ᠂ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠬᠥᠮᠥᠨ ᠪᠠ ᠬᠢᠨᠠᠨ ᠬᠠᠷᠭᠤᠭᠤᠯᠤᠭᠴᠢ ᠶᠢᠨ ᠲᠠᠰ ᠢ ᠲᠠᠭᠯᠠᠭᠰᠠᠨ ᠥᠬᠡᠶ︔ ᠠᠩᠬᠠᠨ ᠤ ᠲᠡᠮᠳᠡᠭᠯᠡᠯ ᠤᠨ ᠬᠦᠰᠦᠨᠦᠭᠲᠦ ᠳᠠᠬᠢ ᠠᠭᠤᠯᠭ᠎ᠠ ᠨᠢ ᠪᠦᠷᠢᠨ ᠪᠤᠰᠤ︔ ᠲᠠᠩᠰᠠ ᠡᠪᠬᠡᠮᠡᠯ ᠤᠨ ᠮᠠᠲ᠋ᠧᠷᠢᠶᠠᠯ ᠳᠤ ᠠᠩᠬ᠎ᠠ ᠤᠳᠠᠭ᠎ᠠ ᠶᠢᠨ ᠤᠷᠠᠨ ᠳᠠᠷᠬ᠎ᠠ ᠶᠢᠨ ᠰᠢᠯᠭᠠᠨ ᠪᠠᠲᠤᠯᠠᠭᠰᠠᠨ ᠲᠡᠮᠳᠡᠭᠯᠡᠯ ᠢ ᠲᠠᠭᠯᠠᠭᠰᠠᠨ ᠥᠬᠡᠶ᠃

    4. ᠴᠠᠬᠢᠯᠭᠠᠨ ᠱᠠᠲᠤ ᠪᠠᠶᠢᠴᠠᠭᠠᠨ ᠬᠡᠮᠵᠢᠬᠦ ᠪᠠᠶᠢᠭᠤᠯᠤᠮᠵᠢ᠃ ᠬᠡᠰᠡᠭ ᠴᠠᠬᠢᠯᠭᠠᠨ ᠱᠠᠲᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯᠯᠠᠬᠤ ᠲᠠᠯᠠᠪᠤᠷ ᠲᠤ ᠲᠣᠬᠢᠷᠠᠭᠤᠯᠤᠭᠰᠠᠨ ᠬᠡᠮᠵᠢᠭᠦᠷᠯᠢᠭ ᠲᠥᠬᠦᠭᠡᠷᠦᠮᠵᠢ ᠨᠢ ᠪᠦᠷᠢᠨ ᠪᠤᠰᠤ ᠪᠠᠶᠢᠵᠤ᠂ ᠲᠤᠬᠠᠶ ᠶᠢᠨ ᠲᠠᠯᠠᠪᠤᠷ ᠤᠨ ᠴᠠᠬᠢᠯᠭᠠᠨ ᠱᠠᠲᠤ ᠶᠢ ᠬᠡᠮᠵᠢᠬᠦ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ︔ ᠠᠵᠢᠯ ᠤᠨ ᠵᠢᠯᠣᠭᠤᠳᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠠᠶᠢᠴᠠᠭᠠᠨ ᠬᠡᠮᠵᠢᠬᠦ ᠠᠭᠤᠯᠭ᠎ᠠ ᠨᠢ ᠪᠦᠷᠢᠨ ᠪᠤᠰᠤ᠂ ᠪᠠᠶᠢᠴᠠᠭᠠᠨ ᠬᠡᠮᠵᠢᠬᠦ ᠠᠷᠭ᠎ᠠ ᠳᠤᠲᠠᠭᠤ ᠪᠤᠶᠤ ᠲᠣᠭᠲᠠᠭᠠᠭᠰᠠᠨ ᠪᠠᠶᠢᠴᠠᠭᠠᠨ ᠬᠡᠮᠵᠢᠬᠦ ᠠᠷᠭ᠎ᠠ ᠨᠢ ᠪᠣᠳᠠᠲᠠᠶ ᠲᠣᠳᠣᠷᠬᠠᠶ ᠪᠢᠰᠢ︔ ᠪᠠᠶᠢᠴᠠᠭᠠᠨ ᠬᠡᠮᠵᠢᠭᠰᠡᠨ ᠮᠡᠳᠡᠭᠡ ᠵᠠᠩᠭᠢ ᠶᠢᠨ ᠲᠡᠮᠳᠡᠭᠯᠡᠯ ᠨᠢ ᠪᠦᠷᠢᠨ ᠪᠤᠰᠤ︔ ᠣᠨᠴᠠ ᠵᠠᠷᠢᠮ ᠪᠠᠶᠢᠭᠤᠯᠤᠮᠵᠢ ᠳᠤ ᠴᠠᠬᠢᠯᠭᠠᠨ ᠱᠠᠲᠤ ᠶᠢ ᠪᠠᠶᠢᠴᠠᠭᠠᠨ ᠬᠡᠮᠵᠢᠬᠦ ᠠᠵᠢᠯ ᠳᠤ ᠲᠥᠷᠥᠯ ᠵᠦᠢᠯ ᠣᠷᠬᠢᠭᠳᠠᠭᠤᠯᠤᠭᠰᠠᠨ᠂ ᠬᠡᠮᠵᠢᠯᠲᠡ ᠣᠷᠬᠢᠭᠳᠠᠭᠤᠯᠤᠭᠰᠠᠨ ᠪᠠ ᠪᠤᠷᠤᠭᠤ ᠬᠡᠮᠵᠢᠭᠰᠡᠨ ᠵᠡᠷᠭᠡ ᠠᠰᠠᠭᠤᠳᠠᠯ ᠣᠷᠣᠰᠢᠨ᠎ᠠ︔ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠪᠠᠶᠢᠴᠠᠭᠠᠨ ᠬᠡᠮᠵᠢᠭᠰᠡᠨ ᠡᠳᠦᠷ ᠬᠤᠭᠤᠴᠠᠭ᠎ᠠ ᠨᠢ ᠲᠡᠮᠳᠡᠭᠯᠡᠯ ᠲᠠᠢ ᠨᠢᠭᠡᠳᠦᠯ ᠥᠬᠡᠶ᠃ ᠬᠡᠰᠡᠭ ᠴᠠᠬᠢᠯᠭᠠᠨ ᠱᠠᠲᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠳᠤ ᠣᠨᠴᠠ ᠵᠠᠷᠢᠮ ᠲᠣᠭᠲᠠᠭᠰᠠᠨ ᠬᠡᠮᠵᠢᠶ᠎ᠡ ᠲᠠᠢ ᠪᠠᠷ ᠬᠡᠮᠵᠢᠬᠦ ᠴᠢᠬᠤᠯᠠᠲᠠᠶ ᠲᠥᠷᠥᠯ ᠵᠦᠢᠯ ᠤᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ ᠬᠠᠷᠠᠭᠠᠯᠵᠠᠭᠰᠠᠨ ᠪᠣᠳᠠᠲᠠᠶ ᠬᠡᠮᠵᠢᠭᠰᠡᠨ ᠲᠤᠭ᠎ᠠ ᠪᠠᠷᠢᠮᠲᠠ ᠪᠠᠶᠢᠬᠤ ᠦᠭᠡᠶ᠃

    5. ᠠᠶᠤᠯᠭᠦᠢ ᠨᠡᠭᠡᠯᠡᠬᠡᠶ ᠶᠢ ᠬᠠᠷᠭᠤᠭᠤᠯᠤᠨ ᠰᠢᠯᠭᠠᠬᠤ ᠪᠠᠶᠢᠭᠤᠯᠤᠮᠵᠢ᠃ ᠬᠡᠰᠡᠭ ᠠᠶᠤᠯᠭᠦᠢ ᠨᠡᠭᠡᠯᠡᠬᠡᠶ ᠶᠢ ᠬᠠᠷᠭᠤᠭᠤᠯᠤᠨ ᠰᠢᠯᠭᠠᠬᠤ ᠪᠠᠶᠢᠭᠤᠯᠤᠮᠵᠢ ᠶᠢᠨ ᠦᠨᠡᠮᠯᠡᠯ ᠲᠠᠢ ᠬᠠᠷᠭᠤᠭᠤᠯᠤᠨ ᠰᠢᠯᠭᠠᠬᠤ ᠠᠵᠢᠯᠲᠠᠨ ᠬᠦᠷᠦᠯᠴᠡᠬᠦ ᠥᠬᠡᠶ᠂ ᠬᠢᠨᠠᠨ ᠵᠥᠪᠰᠢᠶᠡᠷᠡᠬᠦ ᠲᠦᠷᠢᠮ ᠤᠨ ᠱᠠᠭᠠᠷᠳᠠᠯᠭ᠎ᠠ ᠳᠤ ᠨᠡᠶᠢᠴᠡᠬᠦ ᠥᠬᠡᠶ︔ ᠬᠠᠷᠭᠤᠭᠤᠯᠤᠨ ᠰᠢᠯᠭᠠᠬᠤ ᠲᠥᠬᠦᠭᠡᠷᠦᠮᠵᠢ ᠪᠠ ᠪᠠᠭᠠᠵᠢ ᠬᠡᠷᠡᠭᠰᠡᠯ ᠤᠨ ᠲᠤᠭ᠎ᠠ ᠬᠡᠮᠵᠢᠶ᠎ᠡ ᠨᠢ ᠬᠦᠷᠦᠯᠴᠡᠬᠦ ᠥᠬᠡᠶ᠂ ᠬᠡᠪ ᠤᠨ ᠬᠠᠷᠭᠤᠭᠤᠯᠤᠨ ᠰᠢᠯᠭᠠᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ︔ ᠬᠠᠷᠭᠤᠭᠤᠯᠤᠨ ᠰᠢᠯᠭᠠᠬᠤ ᠲᠠᠪᠴᠠᠩ ᠳᠡᠭᠡᠷᠡᠬᠢ ᠳᠠᠷᠤᠯᠲᠠ ᠶᠢᠨ ᠬᠡᠮᠵᠢᠭᠦᠷ ᠨᠢ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ᠃ ᠬᠡᠰᠡᠭ ᠪᠠᠶᠢᠭᠤᠯᠤᠮᠵᠢ ᠨᠢ TSG Z7002 — 2022 ᠣᠨ ᠤ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠲᠦᠷᠢᠮ︾ ᠤᠨ ᠶᠣᠰᠣᠭᠠᠷ ᠶᠠᠰᠤ ᠴᠢᠨᠠᠷ ᠢ ᠪᠠᠲᠤᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠭᠰᠠᠨ ᠦᠭᠡᠢ︔ ᠠᠵᠢᠯ ᠤᠨ ᠵᠢᠯᠤᠭᠤᠳᠬᠤ ᠪᠢᠴᠢᠭ ᠢ ᠡᠰᠢᠯᠡᠨ ᠬᠡᠷᠡᠭᠯᠡᠭᠰᠡᠨ ᠪᠠᠷᠢᠮᠵᠢᠶ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠡᠪᠯᠡᠯ ᠪᠢᠰᠢ︔ ᠠᠵᠢᠯ ᠤᠨ ᠵᠢᠯᠤᠭᠤᠳᠬᠤ ᠪᠢᠴᠢᠭ ᠲᠤ ᠠᠶᠤᠯᠭᠦᠢ ᠨᠡᠭᠡᠯᠡᠬᠡᠶ ᠶᠢ ᠬᠠᠷᠭᠤᠭᠤᠯᠤᠨ ᠰᠢᠯᠭᠠᠬᠤ ᠣᠨᠴᠠᠭᠠᠢ ᠱᠠᠭᠠᠷᠳᠠᠯᠭ᠎ᠠ ᠲᠠᠢ ᠬᠤᠯᠪᠣᠭᠳᠠᠬᠤ ᠠᠭᠤᠯᠭ᠎ᠠ ᠶᠢ ᠲᠣᠭᠲᠠᠭᠠᠭᠰᠠᠨ ᠦᠭᠡᠢ︔ ᠲᠣᠭᠲᠠᠭᠠᠯ ᠶᠣᠰᠣᠭᠠᠷ ᠣᠨ ᠤ ᠳᠣᠲᠣᠭᠠᠳᠤ ᠶᠢᠨ ᠬᠢᠨᠠᠨ ᠬᠠᠷᠭᠤᠭᠤᠯᠬᠤ ᠪᠠ ᠬᠠᠮᠢᠶᠠᠷᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠦᠭᠡᠢ᠃ ᠬᠡᠰᠡᠭ ᠪᠠᠶᠢᠭᠤᠯᠤᠮᠵᠢ ᠶᠢᠨ ᠶᠠᠰᠤ ᠴᠢᠨᠠᠷ ᠤᠨ ᠲᠡᠮᠳᠡᠭᠯᠡᠯ ᠢ ᠲᠠᠭᠯᠠᠭᠰᠠᠨ ᠨᠢ ᠵᠢᠷᠤᠮᠵᠢᠯ ᠥᠬᠡᠶ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠠᠬᠢ ᠠᠶᠤᠯᠭᠦᠢ ᠨᠡᠭᠡᠯᠡᠬᠡᠶ ᠶᠢᠨ ᠲᠡᠭᠰᠢᠷᠡᠭᠦᠯᠬᠦ ᠳᠠᠷᠤᠯᠲᠠ ᠨᠢ ᠣᠨᠣᠪᠴᠢᠲᠠᠶ ᠥᠬᠡᠶ᠂ ᠬᠠᠷᠭᠤᠭᠤᠯᠤᠨ ᠰᠢᠯᠭᠠᠬᠤ ᠲᠥᠬᠦᠭᠡᠷᠦᠮᠵᠢ ᠶᠢᠨ ᠳ᠋ᠤᠭᠠᠷᠯᠠᠯ ᠨᠢ ᠲᠤᠬᠠᠶ ᠶᠢᠨ ᠲᠠᠯᠠᠪᠤᠷ ᠲᠤ ᠬᠡᠷᠡᠭᠯᠡᠭᠰᠡᠨ ᠰᠢᠯᠭᠠᠨ ᠪᠠᠶᠢᠴᠠᠭᠠᠬᠤ ᠲᠥᠬᠦᠭᠡᠷᠦᠮᠵᠢ ᠲᠠᠢ ᠨᠢᠭᠡᠳᠦᠯ ᠥᠬᠡᠶ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠨᠢᠭᠡᠨᠲᠡ ᠬᠦᠴᠦᠨ ᠥᠬᠡᠶ ᠪᠣᠯᠭᠠᠭᠰᠠᠨ ᠪᠠᠷᠢᠮᠵᠢᠶ᠎ᠠ ᠶᠢ ᠡᠰᠢᠯᠡᠨ ᠬᠡᠷᠡᠭᠯᠡᠭᠰᠡᠨ᠃

    ︵ᠭᠤᠷᠪᠠ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ

ᠬᠡᠰᠡᠭ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠶᠢᠨ ᠲᠤᠰᠬᠠᠶ ᠲᠤᠰᠢᠶᠠᠯ ᠤᠨ ᠠᠵᠢᠯᠲᠠᠨ ᠤ ᠲᠤᠭ᠎ᠠ ᠵᠢᠴᠢ ᠱᠠᠭᠠᠷᠳᠠᠯᠭ᠎ᠠ ᠨᠢ ᠪᠠᠶᠢᠭᠤᠯᠬᠤ ᠨᠥᠬᠦᠴᠡᠯ ᠢ ᠬᠠᠩᠭᠠᠬᠤ ᠥᠬᠡᠶ᠂ ᠬᠠᠷᠠᠭᠠᠯᠵᠠᠭᠰᠠᠨ ᠬᠢᠷᠢ ᠬᠡᠮ ᠤᠨ ᠦᠨᠡᠮᠯᠡᠯ ᠲᠠᠢ ᠰᠢᠯᠭᠠᠨ ᠲᠣᠭᠲᠠᠭᠠᠬᠤ ᠠᠵᠢᠯᠲᠠᠨ ᠪᠠ ᠪᠣᠳᠠᠲᠠᠶ ᠠᠵᠢᠯᠯᠠᠬᠤ ᠮᠡᠷᠭᠡᠵᠢᠯ ᠤᠨ ᠴᠢᠳᠠᠪᠤᠷᠢ ᠶᠢᠨ ᠰᠢᠯᠭᠠᠨ ᠲᠣᠭᠲᠠᠭᠠᠬᠤ ᠠᠵᠢᠯᠲᠠᠨ ᠤ ᠲᠤᠭ᠎ᠠ ᠬᠡᠮᠵᠢᠶ᠎ᠡ ᠨᠢ ᠬᠦᠷᠦᠯᠴᠡᠬᠦ ᠥᠬᠡᠶ︔ ᠲᠠᠯᠠᠪᠤᠷ ᠤᠨ ᠨᠥᠬᠦᠴᠡᠯ ᠪᠠ ᠪᠡᠯᠡᠳᠬᠡᠮᠵᠢ ᠲᠥᠬᠦᠭᠡᠷᠦᠮᠵᠢ ᠨᠢ ᠪᠠᠶᠢᠭᠤᠯᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ︔ ᠡᠭᠦᠨ ᠳᠤ ᠲᠣᠭᠲᠠᠮᠠᠯ ᠠᠵᠢᠯᠯᠠᠬᠤ ᠲᠠᠯᠠᠪᠤᠷ᠂ ᠪᠣᠳᠠᠲᠠᠶ ᠠᠵᠢᠯᠯᠠᠬᠤ ᠰᠢᠯᠭᠠᠯᠲᠠ ᠶᠢᠨ ᠲᠣᠭᠲᠠᠮᠠᠯ ᠲᠠᠯᠠᠪᠤᠷ᠂ ᠺᠣᠮᠫᠢᠦ᠋ᠲ᠋ᠧᠷ ᠤᠨ ᠰᠢᠯᠭᠠᠯᠲᠠ ᠶᠢᠨ ᠪᠠᠶᠢᠷᠢ᠂ ᠰᠢᠯᠭᠠᠯᠲᠠ ᠶᠢᠨ ᠲᠠᠯᠠᠪᠤᠷ ᠤᠨ ᠬᠢᠨᠠᠨ ᠡᠵᠡᠮᠳᠡᠬᠦ ᠳᠦᠷᠰᠦ ᠰᠢᠩᠭᠡᠭᠡᠬᠦ ᠮᠠᠰᠢᠨ᠂ ᠦᠵᠡᠭᠦᠯᠦᠯᠭᠡ ᠶᠢᠨ ᠬᠢᠴᠢᠶᠡᠯ ᠤᠨ ᠬᠡᠷ ᠪᠠ ᠪᠣᠳᠠᠲᠠᠢ ᠠᠵᠢᠯᠯᠠᠬᠤ ᠰᠢᠯᠭᠠᠯᠲᠠ ᠶᠢᠨ ᠦᠢᠯᠡᠳᠪᠦᠷᠢ ᠶᠢᠨ ᠭᠡᠷ᠂ ᠪᠣᠳᠠᠲᠠᠶ ᠠᠵᠢᠯᠯᠠᠬᠤ ᠰᠢᠯᠭᠠᠯᠲᠠ ᠶᠢᠨ ᠰᠡᠳᠦᠪ ᠤᠨ ᠬᠥᠮᠥᠷᠭᠡ ᠵᠡᠷᠭᠡ ᠪᠠᠭᠲᠠᠨ᠎ᠠ᠃ ᠬᠡᠰᠡᠭ ᠪᠠᠶᠢᠭᠤᠯᠤᠮᠵᠢ ᠨᠢ ᠲᠥᠪ ᠭᠤᠤᠯᠴᠢ ᠴᠢᠨᠠᠷᠲᠠᠶ ᠲᠣᠳᠣᠷᠬᠠᠶᠢᠯᠠᠯᠲᠠ ᠬᠢᠭᠰᠡᠨ ᠥᠬᠡᠶ︔ ᠰᠢᠯᠭᠠᠯᠲᠠ ᠶᠢᠨ ᠲᠠᠯᠠᠪᠠᠶ ᠶᠢᠨ ᠲᠡᠮᠳᠡᠭᠯᠡᠯ ᠤᠨ ᠬᠦᠰᠦᠨᠦᠭ ᠲᠤ ᠰᠢᠯᠭᠠᠯᠲᠠ ᠬᠢᠨᠠᠭᠴᠢ ᠭᠠᠷ ᠤᠨ ᠥᠰᠥᠭ ᠵᠢᠷᠤᠭᠰᠠᠨ ᠥᠬᠡᠶ︔ ᠭᠦᠸᠧᠯᠦ ᠶᠢᠨ ᠤᠰᠤ ᠶᠢ ᠰᠢᠢᠳᠪᠦᠷᠢᠯᠡᠬᠦ ︵G3︶ ᠪᠣᠳᠠᠲᠠᠶ ᠠᠵᠢᠯᠯᠠᠬᠤ ᠤᠷ᠎ᠠ ᠴᠢᠳᠠᠪᠤᠷᠢ ᠶᠢᠨ ᠰᠢᠯᠭᠠᠯᠲᠠ ᠶᠢ ︽ᠲᠣᠭᠠᠴᠢᠬᠤ︾ ᠪᠤᠶᠤ ︽ᠪᠢᠷ ᠤᠨ ᠰᠢᠯᠭᠠᠯᠲᠠ︾ ᠶᠢᠨ ᠠᠷᠭ᠎ᠠ ᠮᠠᠶ᠋ᠢᠭ ᠢᠶᠠᠷ ᠰᠢᠯᠭᠠᠭᠰᠠᠨ ︔ ᠰᠢᠯᠭᠠᠯᠲᠠ ᠶᠢᠨ ᠬᠤᠪᠢ ᠲᠣᠭᠲᠠᠭᠠᠬᠤ ᠬᠦᠰᠦᠨᠦᠭᠲᠦ ᠳᠠᠬᠢ ᠰᠢᠯᠭᠠᠯᠲᠠ ᠶᠢᠨ ᠬᠢᠷᠢ ᠪᠦᠲᠦᠮᠵᠢ ᠬᠢᠭᠡᠳ ᠬᠠᠰᠤᠭᠰᠠᠨ ᠬᠤᠪᠢ ᠨᠢ ᠬᠦᠰᠦᠨᠦᠭᠲᠦ ᠳᠠᠬᠢ ᠰᠢᠯᠭᠠᠯᠲᠠ ᠶᠢᠨ ᠬᠢᠷᠢ ᠪᠦᠲᠦᠮᠵᠢ ᠲᠠᠢ ᠨᠢᠭᠡᠳᠦᠯ ᠥᠬᠡᠶ᠂ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠬᠤᠷᠢᠶᠠᠩᠭᠤᠶᠢᠯᠠᠬᠤ ᠬᠦᠰᠦᠨᠦᠭᠲᠦ ᠳᠠᠬᠢ ᠬᠢᠷᠢ ᠪᠦᠲᠦᠮᠵᠢ ᠲᠠᠢ ᠨᠢᠭᠡᠳᠦᠯ ᠥᠬᠡᠶ᠃

    ᠭᠤᠷᠪᠠ᠂ ᠬᠤᠯᠪᠣᠭᠳᠠᠯ ᠪᠦᠬᠦᠢ ᠨᠢᠭᠡᠴᠢ ᠶᠢ ᠰᠢᠢᠳᠪᠦᠷᠢᠯᠡᠬᠦ ᠰᠠᠨᠠᠯ

    ︵ᠨᠢᠭᠡ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠪᠠ ᠰᠠᠪᠠᠯᠠᠵᠤ ᠲᠥᠬᠦᠭᠡᠷᠬᠦ 12 ᠨᠢᠭᠡᠴᠢ ᠶᠢᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠷᠢ ᠬᠡᠮ ᠢ ᠬᠠᠤᠯᠢ ᠶᠣᠰᠣᠭᠠᠷ ᠬᠦᠴᠦᠨ ᠥᠬᠡᠶ ᠪᠣᠯᠭᠠᠪᠠ ︵ᠨᠠᠷᠢᠨ ᠵᠦᠢᠯ ᠢ ᠳᠠᠭᠠᠯᠳᠤᠭᠤᠯᠤᠯ 1 ᠳᠤ ᠦᠵᠡ︶᠃

    ︵ᠬᠤᠶᠠᠷ︶ ᠬᠠᠷᠢᠶᠠᠲᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠭᠠᠭᠠᠯᠭᠠᠵᠤ ᠴᠠᠬᠢᠯᠭᠠᠨ ᠱᠠᠲᠤ ᠪᠠᠶᠢᠴᠠᠭᠠᠨ ᠬᠡᠮᠵᠢᠬᠦ 1 ᠪᠠᠶᠢᠭᠤᠯᠤᠮᠵᠢ ᠳᠤ ᠤᠯᠠᠮ ᠨᠢᠭᠡ ᠠᠯᠬᠤᠮ ᠪᠠᠶᠢᠴᠠᠭᠠᠯᠲᠠ ᠬᠢᠯᠭᠡᠪᠡ ︵ᠨᠠᠷᠢᠨ ᠵᠦᠢᠯ ᠢ ᠳᠠᠭᠠᠯᠳᠤᠭᠤᠯᠤᠯ 2 ᠳᠤ ᠦᠵᠡ︶ ᠪᠠᠶᠢᠴᠠᠭᠠᠭᠰᠠᠨ ᠦᠷ᠎ᠡ ᠳ᠋ᠦᠩ ᠢ ᠨᠢ ᠦᠨᠳᠦᠰᠦᠯᠡᠨ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃

    ︵ᠭᠤᠷᠪᠠ︶ ᠬᠠᠷᠢᠶᠠᠲᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠭᠠᠭᠠᠯᠭᠠᠵᠤ ᠠᠶᠤᠯᠭᠦᠢ ᠨᠡᠭᠡᠯᠡᠬᠡᠶ ᠶᠢᠨ ᠬᠠᠷᠭᠤᠭᠤᠯᠤᠨ ᠰᠢᠯᠭᠠᠬᠤ 1 ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠯᠭᠡᠪᠡ ︵ᠨᠠᠷᠢᠨ ᠵᠦᠢᠯ ᠢ ᠳᠠᠭᠠᠯᠳᠤᠭᠤᠯᠤᠯ 3 ᠳᠤ ᠦᠵᠡ︶ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃

    ︵ᠳᠥᠷᠪᠡ︶ ᠬᠠᠷᠢᠶᠠᠲᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ 4 ᠨᠢᠭᠡᠴᠢ ᠶᠢ ᠵᠠᠷᠯᠢᠭᠳᠠᠵᠤ ᠪᠠᠶᠢᠭᠠᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠤᠨ ᠠᠵᠢᠯ ᠥᠷᠨᠢᠭᠦᠯᠬᠦ ᠶᠢ ᠲᠦᠷ ᠵᠣᠭᠰᠣᠭᠠᠪᠠ ︵ᠨᠠᠷᠢᠨ ᠵᠦᠢᠯ ᠢ ᠳᠠᠭᠠᠯᠳᠤᠭᠤᠯᠤᠯ 4 ᠳᠤ ᠦᠵᠡ ︶᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠷᠢ ᠭᠡᠮ ᠤᠨ ᠨᠥᠬᠦᠴᠡᠯ ᠢ ᠬᠠᠩᠭᠠᠭᠰᠠᠨ ᠤ ᠳᠠᠷᠠᠭ᠎ᠠ ᠰᠠᠶ᠋ᠢ ᠬᠠᠮᠢᠶ᠎ᠠ ᠪᠦᠬᠦᠢ ᠵᠥᠪᠰᠢᠶᠡᠷᠡᠯ ᠤᠨ ᠠᠵᠢᠯ ᠢ ᠬᠢᠵᠦ ᠪᠣᠯᠤᠨ᠎ᠠ᠃

    ︵ᠲᠠᠪᠤ︶ ᠬᠠᠷᠢᠶᠠᠲᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠨᠢᠭᠡᠴᠢ ᠪᠠ ᠰᠢᠯᠭᠠᠨ ᠬᠡᠮᠵᠢᠬᠦ 27 ᠪᠠᠶᠢᠭᠤᠯᠤᠮᠵᠢ ᠳᠤ ᠠᠮᠤᠷ ᠲᠦᠪᠰᠢᠨ ᠤ ᠬᠢᠨᠠᠨ ᠪᠠᠶᠢᠴᠠᠭᠠᠬᠤ ᠵᠠᠷᠯᠢᠭ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ ︵ᠨᠠᠷᠢᠨ ᠵᠦᠢᠯ ᠢ ᠳᠠᠭᠠᠯᠳᠤᠭᠤᠯᠤᠯ 5 ᠳᠤ ᠦᠵᠡ︶᠃ ᠳᠡᠭᠡᠷᠡᠬᠢ ᠨᠢᠭᠡᠴᠢ ᠨᠦᠭᠦᠳ ᠬᠢᠨᠠᠯᠲᠠ ᠲᠠᠯᠪᠢᠵᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢᠶᠠᠨ ᠬᠢᠨᠠᠮᠠᠭᠠᠶ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠬᠤᠭᠤᠴᠠᠭ᠎ᠠ ᠨᠢ ᠬᠡᠲᠦᠷᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠳᠡᠭᠡᠷᠡᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠨᠢᠭᠡᠴᠢ ᠳᠠᠷᠠᠭᠠᠴᠢ ᠶᠢᠨ ᠨᠢᠭᠡ ᠵᠥᠪᠰᠢᠶᠡᠷᠡᠯ ᠤᠨ ᠦᠶᠡᠯᠡᠯ ᠤᠨ ᠬᠤᠭᠤᠴᠠᠭᠠᠨ ᠳᠤ ᠥᠪᠡᠷ ᠢᠶᠠᠨ ᠢᠯᠡᠷᠬᠡᠶᠢᠯᠡᠵᠦ ᠠᠮᠠᠯᠠᠬᠤ ᠪᠠᠷ ᠦᠨᠡᠮᠯᠡᠯ ᠰᠣᠯᠢᠬᠤ ᠶᠢ ᠭᠤᠶᠤᠴᠢᠯᠠᠬᠤ ᠶᠢ ᠵᠥᠪᠰᠢᠶᠡᠷᠡᠬᠦ ᠦᠭᠡᠢ᠃

    ︵ᠵᠢᠷᠭᠤᠭ᠎ᠠ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ 1 ᠪᠠᠶᠢᠭᠤᠯᠤᠮᠵᠢ ᠶᠢᠨ ᠠᠵᠢᠯ ᠤᠨ ᠬᠢᠷᠢ ᠬᠡᠮ ᠢ ᠵᠣᠭᠰᠣᠭᠠᠪᠠ ︵ᠨᠠᠷᠢᠨ ᠵᠦᠢᠯ ᠢ ᠳᠠᠭᠠᠯᠳᠤᠭᠤᠯᠤᠯ 6 ᠳᠤ ᠦᠵᠡ︶᠃

    ︵ᠳᠣᠯᠤᠭ᠎ᠠ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ 12 ᠪᠠᠶᠢᠭᠤᠯᠤᠮᠵᠢ ᠶᠢᠨ ᠬᠡᠰᠡᠭ ᠰᠢᠯᠭᠠᠯᠲᠠ ᠶᠢᠨ ᠲᠥᠷᠥᠯ ᠵᠦᠢᠯ ᠥᠷᠨᠢᠭᠦᠯᠬᠦ ᠬᠢᠷᠢ ᠬᠡᠮ ᠢ ᠲᠦᠷ ᠵᠣᠭᠰᠣᠭᠠᠪᠠ ︵ᠨᠠᠷᠢᠨ ᠵᠦᠢᠯ ᠢ ᠳᠠᠭᠠᠯᠳᠤᠭᠤᠯᠤᠯ 7 ᠳᠤ ᠦᠵᠡ︶᠃ ᠵᠠᠷᠯᠢᠭᠳᠠᠨ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠬᠤᠭᠤᠴᠠᠭ᠎ᠠ ᠨᠢ 6 ᠰᠠᠷ᠎ᠠ᠃ ᠬᠤᠭᠤᠴᠠᠭ᠎ᠠ ᠨᠢ ᠬᠡᠲᠦᠷᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠶ ᠪᠣᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠤ ᠰᠢᠯᠭᠠᠯᠲᠠ ᠶᠢᠨ ᠪᠠᠶᠢᠭᠤᠯᠤᠮᠵᠢ ᠶᠢᠨ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃

    ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ

    ︵ᠨᠢᠭᠡ︶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠥᠪᠡᠷ ᠢ ᠢᠶᠠᠨ ᠪᠠᠶᠢᠴᠠᠭᠠᠵᠤ ᠥᠪᠡᠷ ᠢ ᠢᠶᠠᠨ ᠵᠠᠯᠠᠷᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠤᠳᠠᠭᠠᠨ ᠤ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠲᠠᠢ ᠨᠢᠭᠡᠴᠢ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠲᠠᠷᠠᠭᠠᠴᠢ ᠶᠢᠨ ᠬᠢᠨᠠᠯᠲᠠ ᠲᠠᠯᠪᠢᠵᠤ ᠪᠠᠶᠢᠴᠠᠭᠠᠬᠤ᠂ ᠰᠢᠯᠭᠠᠨ ᠲᠣᠭᠲᠠᠭᠠᠵᠤ ᠬᠢᠨᠠᠨ ᠲᠣᠭᠲᠠᠭᠠᠬᠤ ᠦᠶ᠎ᠡ ᠳᠤ ᠵᠢᠭᠰᠠᠭᠠᠭᠰᠠᠨ ᠠᠰᠠᠭᠤᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠪᠴᠢᠶ᠎ᠠ ᠳᠤ ᠴᠡᠭᠴᠡᠯᠡᠨ ᠰᠠᠶᠢᠵᠢᠷᠠᠭᠤᠯᠤᠭᠰᠠᠨ ᠨᠤᠲᠠᠯᠠᠯᠲᠠ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃

    ︵ᠬᠤᠶᠠᠷ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠨᠢᠭᠡᠴᠢ ᠪᠠ ᠰᠢᠯᠭᠠᠨ ᠬᠡᠮᠵᠢᠬᠦ ᠪᠠᠶᠢᠭᠤᠯᠤᠮᠵᠢ ᠶᠢᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠨ᠎ᠠ᠃ ︽ᠬᠡᠨ ᠬᠢᠨᠠᠨ ᠵᠥᠪᠰᠢᠶᠡᠷᠡᠪᠡᠯ᠂ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠠᠵᠢᠯᠯᠠᠭ᠎ᠠ ᠥᠷᠨᠢᠭᠦᠯᠬᠦ ᠶᠢ ᠰᠢᠮᠳᠠᠭᠤᠯᠤᠨ᠎ᠠ᠃ ᠡᠯ᠎ᠡ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠣᠯᠤᠭᠰᠠᠨ ᠨᠢᠭᠡᠴᠢ ᠪᠣᠯᠤᠨ ᠰᠢᠯᠭᠠᠯᠲᠠ ᠶᠢᠨ ᠪᠠᠶᠢᠭᠤᠯᠤᠮᠵᠢ ᠨᠤᠭᠤᠳ ᠡᠭᠦᠨ ᠢᠶᠠᠷ ᠴᠡᠭᠡᠷᠯᠡᠯ ᠪᠣᠯᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠠᠵᠢᠯ ᠤᠨ ᠴᠤᠪᠤᠷᠠᠯ᠂ ᠬᠠᠮᠢᠶᠠᠷᠤᠯᠲᠠ ᠶᠢᠨ ᠲᠦᠷᠢᠮ᠂ ᠠᠵᠢᠯᠲᠠᠨ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠲᠠᠯ᠎ᠠ ᠪᠠᠷ ᠠᠰᠠᠭᠤᠳᠠᠯ ᠣᠷᠣᠰᠢᠵᠤ ᠪᠠᠶᠢᠭ᠎ᠠ ᠡᠰᠡᠬᠦ ᠶᠢ ᠪᠥᠬᠦ ᠲᠠᠯ᠎ᠠ ᠪᠠᠷ᠂ ᠰᠢᠰᠲ᠋ᠧᠮ ᠲᠠᠢ ᠪᠠᠷ ᠪᠠᠶᠢᠴᠠᠭᠠᠬᠤ ᠶᠢᠨ ᠬᠠᠮᠲᠤ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠰᠠᠶᠢᠵᠢᠷᠠᠭᠤᠯᠵᠤ᠂ ᠠᠵᠢᠯ ᠤᠨ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠰᠢᠯᠭᠠᠨ ᠪᠠᠶᠢᠴᠠᠭᠠᠬᠤ ᠪᠠᠶᠢᠭᠤᠯᠤᠮᠵᠢ ᠪᠠ ᠰᠢᠯᠭᠠᠨ ᠲᠣᠭᠲᠠᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠢᠨᠠᠮᠠᠭᠠᠶ ᠥᠷᠨᠢᠭᠦᠯᠵᠦ᠂ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠮᠡᠷᠭᠡᠵᠢᠯ ᠤᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠰᠢᠯᠭᠠᠨ ᠬᠡᠮᠵᠢᠬᠦ ᠪᠠ ᠰᠢᠯᠭᠠᠨ ᠲᠣᠭᠲᠠᠭᠠᠵᠤ ᠬᠢᠨᠠᠨ ᠲᠣᠭᠲᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠯᠭᠠᠨ ᠪᠠᠶᠢᠴᠠᠭᠠᠬᠤ ᠪᠠᠶᠢᠭᠤᠯᠤᠮᠵᠢ ᠪᠣᠯᠤᠨ ᠰᠢᠯᠭᠠᠨ ᠲᠣᠭᠲᠠᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠨᠤᠭᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠣᠶ ᠪᠣᠯᠭᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠵᠢᠷᠤᠮᠵᠢᠯ ᠪᠠ ᠠᠵᠢᠯ ᠲᠥᠷᠥᠯ ᠤᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ᠃

    ︵ᠭᠤᠷᠪᠠ︶ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠴᠢᠩᠭᠠᠷᠠᠭᠤᠯᠵᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠶᠠᠯᠠᠯᠠᠨ ᠰᠢᠢᠳᠬᠡᠬᠦ ᠡᠷᠴᠢᠮ ᠢ ᠴᠢᠩᠭᠠᠳᠬᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠴᠤᠭᠯᠠᠭᠤᠯᠤᠨ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃

 

ᠳᠠᠭᠠᠯᠳᠤᠭᠤᠯᠤᠯ᠄

    1. ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠢ ᠨᠢ ᠵᠠᠷᠯᠢᠭᠳᠠᠵᠤ ᠪᠠᠶᠢᠭᠠᠳ ᠬᠦᠴᠦᠨ ᠦᠭᠡᠶ ᠪᠣᠯᠭᠠᠬᠤ ᠨᠢᠭᠡᠴᠢ ᠶᠢᠨ ᠨᠡᠷᠡᠰ

    2. ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠳᠠᠭᠠᠭᠠᠯᠭᠠᠵᠤ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠬᠦ ᠪᠠᠶᠢᠭᠤᠯᠤᠮᠵᠢ ᠶᠢᠨ ᠨᠡᠷᠡᠰ

    3. ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠳᠠᠭᠠᠭᠠᠯᠭᠠᠵᠤ ᠬᠢᠨᠠᠯᠲᠠ ᠲᠠᠯᠪᠢᠵᠤ ᠪᠠᠶᠢᠴᠠᠭᠠᠬᠤ ᠨᠢᠭᠡᠴᠢ ᠶᠢᠨ ᠨᠡᠷᠡᠰ

    4. ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠵᠦᠢᠯ ᠢ ᠨᠢ ᠲᠦᠷ ᠵᠣᠭᠰᠣᠭᠠᠬᠤ ᠨᠢᠭᠡᠴᠢ ᠶᠢᠨ ᠨᠡᠷᠡᠰ 

    5. ᠵᠠᠷᠯᠢᠭᠳᠠᠨ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠨᠢᠭᠡᠴᠢ ᠶᠢᠨ ᠨᠡᠷᠡᠰ

    6. ᠠᠵᠢᠯᠲᠠᠨ ᠤ ᠰᠢᠯᠭᠠᠯᠲᠠ ᠶᠢᠨ ᠠᠵᠢᠯ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠠᠶᠢᠭᠤᠯᠤᠮᠵᠢ ᠶᠢᠨ ᠨᠡᠷᠡᠰ

    7. ᠠᠵᠢᠯᠲᠠᠨ ᠤ ᠰᠢᠯᠭᠠᠯᠲᠠ ᠶᠢᠨ ᠲᠥᠷᠥᠯ ᠵᠦᠢᠯ ᠢ ᠨᠢ ᠲᠦᠷ ᠵᠣᠭᠰᠣᠭᠠᠬᠤ ᠪᠠᠶᠢᠭᠤᠯᠤᠮᠵᠢ ᠶᠢᠨ ᠨᠡᠷᠡᠰ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

    2024 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ

    ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ ︶




 

ᠢᠷᠡᠯᠲᠡ᠄ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ
Baidu
map