2024 ᠣᠨ ᠤ 5 ᠳ᠋ᠤᠭᠠᠷ ᠰᠠᠷ᠎ᠠ ᠶᠢᠨ 20 ᠤ ᠡᠳᠦᠷ ᠪᠣᠯ ᠬᠤᠷᠢᠨ ᠲᠠᠪᠤᠳᠤᠭᠠᠷ ︽ᠳᠡᠯᠡᠬᠡᠶ ᠶᠢᠨ ᠬᠡᠮᠵᠢᠯᠲᠡ ᠶᠢᠨ ᠡᠳᠦᠷ︾ ᠪᠣᠯᠤᠨ᠎ᠠ᠃ ᠪᠦᠭᠦ ᠪᠥᠮᠪᠥᠷᠴᠡᠭ ᠤᠨ ᠭᠤᠣᠯ ᠰᠠᠲᠣᠪ ᠪᠤᠯ ︽ᠦᠷᠭᠦᠯᠵᠢᠯᠡᠬᠦ ᠬᠥᠭᠵᠢᠯᠲᠡ︾᠂ ᠳᠣᠮᠲᠠᠲᠤ ᠤᠯᠤᠰ ᠤᠨ ᠣᠨᠴᠠᠭᠠᠢ ᠭᠤᠣᠯ ᠰᠠᠲᠣᠪ ᠪᠣᠯ ︽ᠬᠡᠮᠵᠢᠯᠲᠡ ᠪᠠᠷ ᠰᠢᠨ᠎ᠠ ᠴᠢᠨᠠᠷ ᠤᠨ ᠣᠢᠢᠯᠠᠣᠠᠪᠤᠷᠢᠯᠠᠯ ᠤᠨ ᠬᠦᠴᠦᠨ ᠤ ᠰᠠᠭᠤᠷᠢ ᠶᠢ ᠴᠣᠬᠴᠠᠯᠠᠵᠤ᠂ ᠣᠢᠷᠭᠦᠯᠵᠢᠯᠠᠭᠦ ᠬᠦᠢᠭᠵᠢᠯᠲᠠ ᠶᠢ ᠠᠬᠢᠭᠤᠯᠤᠶ᠎ᠠ︾᠃ 5 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠭᠤᠲᠤ ᠬᠤᠲᠠ ᠳᠤ ︽5 · 20 ᠤ ᠳᠡᠯᠡᠬᠡᠢ ᠶᠢᠨ ᠬᠡᠮᠵᠢᠯᠲᠡ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠥᠪᠥᠷ ᠮᠣᠩᠭᠤᠯ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠪᠠᠶᠢᠭᠤᠯᠬᠤ ᠶᠡᠭᠡ ᠬᠤᠷᠠᠯ ᠡᠷᠭᠢᠯᠡᠪᠡ᠃

ᠬᠤᠷᠠᠯ ᠳᠡᠭᠡᠷ᠎ᠡ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠯᠠᠨ ᠸᠧᠶ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠢᠩ ᠶᠦᠨ ᠹᠸᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠬᠡᠮᠵᠢᠯᠲᠡ ᠶᠢᠨ ᠭᠠᠵᠠᠷ ᠤᠨ ᠳᠠᠷᠤᠭ᠎ᠠ ᠴᠢᠶᠣᠤ ᠼᠦᠢ ᠯᠢᠩ ᠬᠤᠷᠠᠯ ᠡᠷᠭᠢᠯᠡᠪᠡ᠃ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠵᠢᠶᠠᠨ ᠹᠧᠩ᠂ ᠬᠡᠰᠡᠭ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠠ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠤᠨ ᠭᠤᠤᠯ ᠬᠠᠷᠢᠭᠤᠴᠠᠯᠭᠠᠲᠠᠨ᠂ ᠬᠠᠮᠢᠶ᠎ᠠ ᠪᠥᠬᠦᠶ ᠮᠡᠷᠭᠡᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠪᠤᠭᠤᠲᠤ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠥᠪᠥᠷ ᠮᠣᠩᠭᠤᠯ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠶᠢᠨ ᠭᠡᠰᠢᠭᠦᠨ ᠨᠢᠭᠡᠴᠢ᠂ ᠬᠡᠰᠡᠭ ᠠᠵᠤ ᠦᠢᠯᠡᠰ ᠤᠨ ᠬᠡᠮᠵᠢᠯᠲᠡ ᠶᠢᠨ ᠰᠢᠯᠭᠠᠯᠲᠠ ᠶᠢᠨ ᠲᠥᠪ ᠪᠠ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃







ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠪᠣᠷᠣᠯᠠᠭᠤᠯᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠵᠡᠷᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ 7 ᠠᠵᠤ ᠠᠬᠤᠶᠢᠯᠠᠯ ᠲᠠᠰ ᠳᠠᠷᠠᠭᠠᠯᠠᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠣᠪᠣᠷ ᠢᠶᠠᠨ ᠢᠯᠡᠳᠬᠡᠬᠦ ᠦᠭᠡ ᠬᠡᠯᠡᠪᠡ᠃

ᠥᠪᠥᠷ ᠮᠣᠩᠭᠤᠯ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠪᠠᠢᠭᠤᠯᠤᠭᠳᠠᠪᠠ᠃


ᠪᠥᠬᠦ ᠣᠷᠣᠨ ᠤ ᠲᠠᠯᠠᠰᠲᠤ ᠴᠠᠬᠢᠭᠤᠷ ᠤᠨ ᠠᠵᠤ ᠦᠢᠯᠡᠰ ᠤᠨ ᠲᠦᠷᠦᠭᠦᠦ ᠬᠡᠰᠡᠭ ᠤᠨ 23 ᠠᠵᠤ ᠠᠬᠤᠶᠢᠯᠠᠯ᠂ 12 ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠠᠶᠢᠭᠤᠯᠤᠮᠵᠢ᠂ ᠲᠠᠯᠠᠰᠲᠤ ᠴᠠᠬᠢᠭᠤᠷ ᠤᠨ ᠠᠵᠤ ᠦᠢᠯᠡᠰ ᠤᠨ 14 ᠢᠵᠢ ᠪᠥᠷᠢᠳᠦᠭᠦᠯᠬᠦ ᠦᠢᠯᠡᠴᠢᠯᠡᠭᠡᠨ ᠤ ᠠᠵᠤ ᠠᠬᠤᠶᠢᠯᠠᠯ ᠨᠢ ᠬᠤᠯᠪᠣᠭ᠎ᠠ ᠶᠢᠨ ᠠᠩᠬᠠᠨ ᠤ ᠪᠦᠯᠦᠭ ᠤᠨ ᠭᠡᠰᠢᠭᠦᠨ ᠨᠢᠭᠡᠴᠢ ᠪᠣᠯᠪᠠ᠃

ᠪᠤᠭᠤᠲᠤ ᠬᠤᠲᠠ ᠶᠢᠨ ᠰᠢᠯᠭᠠᠨ ᠬᠡᠮᠵᠢᠬᠦ ᠲᠥᠪ ᠨᠢ ︽ᠲᠠᠯᠠᠰᠲᠤ ᠴᠠᠬᠢᠭᠤᠷ ᠤᠨ ᠠᠵᠤ ᠦᠢᠯᠡᠰ ᠤᠨ ᠨᠠᠷᠢᠯᠢᠭ ᠬᠡᠮᠵᠢᠯᠲᠡ ᠵᠡᠷᠭᠡ ᠬᠦᠷᠢᠶᠡᠨ ᠳᠠᠬᠢ ᠨᠡᠶᠢᠲᠡᠯᠢᠭ ᠴᠢᠨᠠᠷᠲᠠᠶ ᠮᠡᠷᠭᠡᠵᠢᠯ ᠤᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠶᠢᠨ ᠲᠤᠬᠠᠶ ᠮᠡᠳᠡᠭᠦᠯᠦᠯᠲᠡ︾ ᠭᠡᠬᠦ ᠰᠡᠳᠦᠪ ᠢᠶᠠᠷ ᠭᠤᠤᠯ ᠵᠤᠷᠢᠯᠳᠠᠳᠤ ᠶᠠᠷᠢᠶ᠎ᠠ ᠢᠯᠡᠳᠬᠡᠯ ᠬᠢᠪᠠ᠃ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠸᠠᠩ ᡂᠢ᠂ ᠤᠯᠤᠰ ᠤᠨ ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠬᠡᠮᠵᠢᠬᠦ ᠲᠥᠪ ᠤᠨ ᠲᠡᠷᠢᠭᠦᠨ ᠮᠡᠷᠭᠡᠵᠢᠯ ᠤᠨ ᠲᠤᠰᠢᠶᠠᠯᠲᠠᠨ ᠸᠠᠩ ᠪᠢᠩ ᠨᠠᠨ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠬᠦᠷᠢᠶᠡᠯᠡᠩ ᠤᠨ ᠳᠠᠷᠤᠭ᠎ᠠ ᠶᠠᠩ ᠵᠢᠶᠠᠨ ᠶᠢᠩ ᠤᠷᠢᠳ ᠬᠤᠵᠢᠳ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠬᠡᠮᠵᠢᠯᠲᠡ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠬᠦᠴᠦᠨ ᠨᠡᠮᠡᠷᠢᠯᠡᠶ᠎ᠡ︾ ︽ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠦᠢᠯᠡᠳᠬᠦᠨ ᠤ ᠨᠤᠲᠠᠯᠠᠯᠲᠠ ᠶᠢᠨ ᠰᠢᠯᠭᠠᠨ ᠬᠡᠮᠵᠢᠬᠦ ᠴᠢᠳᠠᠪᠤᠷᠢ ᠶᠢᠨ ᠬᠡᠷᠡᠭᠯᠡᠭᠡᠨ ᠤ ᠰᠤᠳᠤᠯᠭᠠᠨ︾ ︽ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ︾ ᠪᠠᠷ ᠭᠤᠤᠯ ᠵᠤᠷᠢᠯᠳᠠᠳᠤ ᠶᠠᠷᠢᠶ᠎ᠠ ᠲᠠᠯᠪᠢᠪᠠ᠃

ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠬᠢᠭᠤᠯᠤᠯ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ ︵2021 - 2035 ᠣᠨ︶︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠢᠮᠠᠨ ᠶᠡᠭᠡ ᠠᠵᠤ ᠦᠢᠯᠡᠰ ᠤᠨ ᠰᠦᠷᠦᠭᠵᠢᠯ ᠤᠨ ᠠᠷᠪᠠᠨ ᠵᠢᠷᠭᠤᠭᠠᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠤᠯᠤᠰ ᠤᠨ ᠲᠡᠰ ᠤᠨ ᠠᠵᠤ ᠦᠢᠯᠡᠰ ᠤᠨ ᠬᠡᠮᠵᠢᠨ ᠲᠤᠷᠰᠢᠬᠤ 3 ᠲᠥᠪ ᠢ ᠪᠠᠶᠢᠭᠤᠯᠵᠤ᠂ ᠤᠯᠤᠰ ᠤᠨ ᠬᠡᠮᠵᠢᠯᠲᠡ ᠶᠢᠨ ᠲᠥᠪ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠲᠥᠪ ᠢ 4 ᠪᠠᠶᠢᠭᠤᠯᠬᠤ ᠶᠢ ᠵᠥᠪᠰᠢᠶᠡᠷᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠦᠬᠦ ᠠᠵᠤ ᠦᠢᠯᠡᠰ ᠤᠨ ᠬᠡᠯᠬᠢᠶ᠎ᠡ᠂ ᠪᠦᠷᠢᠨ ᠮᠦᠷᠳᠡᠯᠲᠡ ᠶᠢᠨ ᠬᠡᠯᠬᠢᠶ᠎ᠡ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ᠂ ᠢᠷᠡᠭᠡᠳᠦᠢ ᠶᠢᠨ ᠴᠢᠨᠠᠷᠲᠠᠢ ᠠᠵᠤ ᠦᠢᠯᠡᠰ ᠤᠨ ᠬᠡᠮᠵᠢᠨ ᠲᠤᠷᠰᠢᠬᠤ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠥᠪᠥᠷ ᠮᠣᠩᠭᠤᠯ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠨᠠᠩ ᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠪᠠᠰᠠ ᠨᠢᠭᠡᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠂ ᠬᠤᠯᠪᠣᠭ᠎ᠠ ᠨᠢ ︽ᠨᠡᠭᠡᠭᠡᠯᠲᠡ ᠬᠢᠵᠦ ᠬᠠᠮᠲᠤᠷᠠᠯᠴᠠᠬᠤ᠂ ᠡᠬᠢ ᠪᠠᠶᠠᠯᠢᠭ ᠢ ᠲᠥᠪᠯᠡᠷᠡᠭᠦᠯᠬᠦ᠂ ᠦᠷ᠎ᠡ ᠪᠦᠲᠦᠭᠡᠯ ᠢ ᠬᠠᠮᠲᠤᠪᠠᠷᠡᠳ᠋ᠯᠡᠬᠦ︾ ᠵᠠᠷᠴᠢᠮ ᠶᠣᠰᠣᠭᠠᠷ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠦᠷᠢᠯᠳᠦᠭᠦᠯᠵᠦ᠂ ᠠᠵᠤ ᠦᠢᠯᠡᠰ ᠤᠨ ᠰᠦᠷᠦᠭᠵᠢᠯᠲᠡ᠂ ᠬᠡᠪᠴᠢᠶᠡᠵᠢᠯᠲᠡ᠂ ᠬᠡᠯᠬᠢᠶᠡᠨ ᠤ ᠮᠠᠶ᠋ᠢᠭ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠪᠤᠰᠤᠳ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠦᠷᠭᠦᠯᠵᠢᠯᠡᠨ ᠬᠥᠭᠵᠢᠬᠦ ᠶᠢ ᠨᠥᠯᠥᠭᠡᠯᠡᠨ ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠠ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
︽5 · 20 ᠤ ᠳᠡᠯᠡᠬᠡᠶ ᠶᠢᠨ ᠬᠡᠮᠵᠢᠯᠲᠡ ᠶᠢᠨ ᠡᠳᠦᠷ︾ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠪᠥᠬᠦ ᠣᠷᠣᠨ ᠤ ᠬᠡᠮᠵᠢᠯᠲᠡ ᠶᠢᠨ ᠤᠷ᠎ᠠ ᠴᠢᠳᠠᠪᠤᠷᠢ ᠶᠢᠨ ᠮᠥᠷᠦ᠋ᠢᠴᠡᠬᠦ ᠤᠷᠤᠯᠳᠤᠭᠠᠨ᠂ ᠬᠡᠮᠵᠢᠯᠲᠡ ᠶᠢᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ᠂ ᠬᠡᠮᠵᠢᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠰᠦᠯᠵᠢᠶ᠎ᠡ ᠪᠠᠷ ᠥᠷᠢᠰᠥᠯᠳᠦᠨ ᠬᠠᠷᠢᠭᠤᠯᠬᠤ᠂ ᠬᠡᠮᠵᠢᠯᠲᠡ ᠶᠢᠨ ᠦᠢᠯᠡᠴᠢᠯᠡᠭᠡ ᠶᠢ ︽ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ︾᠂ ︽ᠬᠡᠮᠵᠢᠯᠲᠡ ᠶᠢᠨ ᠲᠤᠷᠰᠢᠯᠲᠠ ᠶᠢᠨ ᠲᠠᠰᠤᠭ︾ ᠢ ᠨᠡᠭᠡᠭᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠥᠭᠡᠳ ᠰᠢᠨ᠎ᠡ ᠴᠠᠭ ᠦᠶ᠎ᠡ ᠰᠢᠨ᠎ᠡ ᠠᠶᠠᠨ ᠤ ᠬᠡᠮᠵᠢᠯᠲᠡ ᠶᠢᠨ ᠤᠬᠠᠭᠤᠯᠤᠨ ᠲᠤᠭᠤᠰᠢᠯᠠᠭᠤᠯᠬᠤ ᠠᠵᠢᠯ ᠪᠠ ᠦᠨᠡᠨᠴᠢ ᠢᠲᠡᠭᠡᠮᠵᠢ ᠶᠢᠨ ᠬᠡᠮᠵᠢᠯᠲᠡ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃