ᠮᠠᠨ ᠤ ᠣᠷᠣᠨ ᠤ ᠭᠡᠷᠡᠴᠢᠯᠡᠯ ᠤᠨ ᠠᠵᠢᠯ ᠡᠯᠪᠡᠭ ᠪᠠᠶᠠᠯᠢᠭ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2024/6/13

    6 ᠳ᠋ᠤᠭᠠᠷ ᠰᠠᠷ᠎ᠠ ᠶᠢᠨ 6 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠰᠢᠶᠦ᠋ᠩ ᠠᠨ ᠳᠤ 17 ᠳ᠋ᠤᠭᠠᠷ ᠬᠤᠭᠤᠴᠠᠭᠠᠨ ᠤ ︽ᠳᠡᠯᠡᠬᠡᠢ ᠳ᠋ᠠᠬᠢᠨ ᠤ ᠮᠡᠳᠡᠷᠡᠨ ᠵᠥᠪᠰᠢᠶᠡᠷᠡᠬᠦ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠳᠤᠮᠳᠠᠳᠤ ᠤᠯᠤᠰ ᠤᠨ ᠭᠡᠷᠡᠴᠢᠯᠡᠵᠦ ᠮᠡᠳᠡᠷᠡᠨ ᠵᠥᠪᠰᠢᠶᠡᠷᠡᠬᠦ ᠶᠡᠭᠡ ᠬᠤᠷᠠᠯ︾ ᠢ ᠡᠷᠬᠢᠯᠡᠪᠡ᠂ ᠡᠨᠡ ᠵᠢᠯ ᠤᠨ ᠶᠡᠭᠡ ᠬᠤᠷᠠᠯ ᠤᠨ ᠭᠤᠣᠯ ᠰᠡᠳᠦᠪ ᠪᠣᠯ᠄ ᠰᠢᠨ᠎ᠡ ᠶᠢ ᠡᠭᠦᠳᠬᠦ᠂ ᠬᠠᠮᠲᠤᠷᠠᠯᠴᠠᠬᠤ᠂ ᠢᠷᠡᠭᠡᠳᠦᠢ ᠪᠣᠯᠣᠨ᠎ᠠ᠃ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠤ᠂ ᠮᠠᠨ ᠤ ᠣᠷᠣᠨ ᠤ ᠭᠡᠷᠡᠴᠢᠯᠡᠯ ᠤᠨ ᠠᠵᠢᠯ ᠴᠢᠬᠤᠯᠠ ᠶᠡᠭᠡ ᠠᠬᠢᠴᠠ ᠲᠠᠢ ᠪᠣᠯᠵᠣ᠂ ︽ᠳᠡᠯᠡᠬᠡᠶ ᠳ᠋ᠠᠬᠢᠨ ᠤ ᠮᠡᠳᠡᠷᠡᠨ ᠵᠥᠪᠰᠢᠶᠡᠷᠡᠬᠦ ᠡᠳᠦᠷ︾ ᠤᠨ ᠠᠵᠢᠯᠯᠠᠭ᠎ᠠ ᠶᠢᠨ ᠶᠡᠭᠡ ᠬᠤᠷᠠᠯ ᠳᠡᠭᠡᠷ᠎ᠡ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃


首页轮播图.jpg


    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠬᠤᠶᠠᠷ ᠬᠡᠷᠡᠭ ᠤᠨ ᠵᠢᠱᠢᠶ᠎ᠡ ᠲᠣᠰ ᠲᠣᠰ ᠭᠡᠷᠡᠴᠢᠯᠡᠯ ᠤᠨ ᠠᠵᠢᠯ ᠤᠨ ᠬᠤᠶᠠᠷ ᠬᠦᠷᠢᠶᠡᠨ ᠳᠠᠬᠢ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠨᠢᠭᠡ ᠨᠢ ︽︿ᠥᠪᠥᠷ ᠮᠣᠩᠭᠤᠯ ᠨᠡᠷᠡᠮᠵᠢᠲᠦ﹀ ᠲᠥᠷᠥᠯ ᠲᠡᠮᠳᠡᠭᠲᠦ ᠶᠢᠨ ᠭᠡᠷᠡᠴᠢᠯᠡᠯ ᠢᠶᠠᠷ ᠥᠪᠥᠷ ᠮᠣᠩᠭᠤᠯ ᠤᠨ ᠣᠨᠴᠠᠯᠢᠭᠲᠤ ᠠᠵᠤ ᠦᠢᠯᠡᠰ ᠤᠨ ᠨᠠᠷᠠᠲᠤ ᠲᠡᠮᠳᠡᠭᠵᠢᠭᠦᠯᠬᠦ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠠᠬᠢᠭᠤᠯᠬᠤ︾ ᠨᠢ ︽ᠶᠠᠰᠤ ᠴᠢᠨᠠᠷ ᠤᠨ ᠭᠡᠷᠡᠴᠢᠯᠡᠯ ᠤᠨ ᠦᠢᠯᠡᠴᠢᠯᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ︾ ᠶᠢᠨ ᠪᠥᠬᠦ ᠤᠯᠤᠰ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠠᠮᠵᠢᠯᠲᠠ ᠲᠠᠢ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠠᠷᠢᠮᠵᠢᠶ᠎ᠠ + ᠭᠡᠷᠡᠴᠢᠯᠡᠯ︾ ᠤᠨ ᠠᠷᠭ᠎ᠠ ᠮᠠᠶ᠋ᠢᠭ ᠢ ᠠᠪᠴᠤ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠶᠢᠨ ᠭᠡᠷᠡᠴᠢᠯᠡᠯ ᠢ ᠰᠢᠨ᠎ᠡ ᠶᠢ ᠡᠭᠦᠳᠦᠨ ᠥᠷᠨᠢᠭᠦᠯᠦᠭᠰᠡᠨ ᠨᠢ ᠥᠪᠥᠷ ᠮᠣᠩᠭᠤᠯ ᠤᠨ ᠴᠢᠨᠠᠷ ᠰᠠᠶᠢᠲᠠᠶ ᠣᠨᠴᠠᠯᠢᠭᠲᠤ ᠦᠢᠯᠡᠳᠬᠦᠨ ᠳᠤ ᠶᠠᠰᠤ ᠴᠢᠨᠠᠷ ᠤᠨ ᠭᠡᠷᠡᠴᠢᠯᠡᠯ ᠤᠨ ᠬᠢᠯᠠᠰ ᠴᠡᠭ ᠤᠨ ᠠᠵᠢᠯ ᠪᠣᠯᠤᠨ᠎ᠠ᠃ 5 ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠣᠳᠣᠬᠠᠨ ᠳᠤ ᠨᠢᠭᠡᠨᠲᠡ 76 ᠵᠦᠢᠯ ᠤᠨ ᠭᠡᠷᠡᠴᠢᠯᠡᠯ ᠤᠨ ᠪᠠᠷᠢᠮᠵᠢᠶ᠎ᠠ ᠶᠢ ᠨᠡᠶᠢᠲᠡᠯᠡᠵᠦ᠂ ᠨᠢᠭᠡᠨᠲᠡ ᠰᠤᠳᠤᠯᠤᠨ ᠦᠢᠯᠡᠳᠴᠦ ᠪᠠᠶᠢᠭ᠎ᠠ ᠪᠠᠷᠢᠮᠵᠢᠶ᠎ᠠ 72 ᠵᠦᠢᠯ᠂ ᠭᠡᠷᠡᠴᠢᠯᠡᠯ ᠤᠨ ᠠᠵᠤ ᠠᠬᠤᠶᠢᠯᠠᠯ 60 ᠪᠠᠶᠢᠵᠤ᠂ 600 ᠭᠠᠷᠤᠶ ᠵᠦᠢᠯ ᠤᠨ ᠦᠢᠯᠡᠳᠬᠦᠨ ᠪᠣᠶ᠃     ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠨᠢ ᠨᠢᠭᠡᠨᠲᠡ ᠥᠪᠥᠷ ᠮᠣᠩᠭᠤᠯ ᠤᠨ ᠣᠨᠴᠠᠯᠢᠭ ᠪᠦᠬᠦᠢ ᠣᠷᠣᠨ ᠪᠦᠰᠡ ᠶᠢᠨ ᠲᠦᠷᠦᠯ ᠲᠡᠮᠳᠡᠭ ᠪᠣᠯᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠬᠡᠷᠡᠭᠯᠡᠭᠴᠢᠳ ᠤᠨ ᠥᠷᠭᠡᠨ ᠠᠩᠬᠠᠷᠤᠯ ᠢ ᠲᠠᠲᠠᠵᠤ᠂ ᠳᠡᠭᠡᠳᠦ ᠬᠡᠮᠵᠢᠶ᠎ᠡ ᠪᠠᠷ ᠮᠡᠳᠡᠷᠡᠭᠳᠡᠭᠰᠡᠨ ᠪᠠᠶᠢᠨ᠎ᠠ᠃ ︽ᠵᠢᠢ ᡁᠢ ᠵᠢᠢ ᠫᠢᠨ︾ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ︔ ᠱᠠᠩᠬᠠᠶ ᠶᠢᠨ ︽ᠰᠠᠨᠠᠭ᠎ᠠ ᠠᠮᠤᠷ ᠬᠤᠳᠠᠯᠳᠤᠨ ᠠᠪᠬᠤ︾ ᠲᠠᠢ ᠪᠠᠷᠢᠮᠵᠢᠶᠠᠯᠠᠨ ᠬᠠᠷᠭᠤᠭᠤᠯᠵᠤ ᠬᠦᠯᠢᠶᠡᠨ ᠠᠪᠴᠤ ᠢᠲᠡᠭᠡᠮᠵᠢᠯᠡᠬᠦ ᠠᠵᠢᠯ ᠢ ᠡᠬᠢᠯᠡᠭᠦᠯᠵᠦ᠂ ᠦᠨᠡᠮᠯᠡᠯ ᠣᠯᠤᠭᠰᠠᠨ ᠠᠵᠤ ᠠᠬᠤᠶᠢᠯᠠᠯ ᠱᠠᠩᠬᠠᠶ ᠶᠢᠨ ︽ᠰᠠᠨᠠᠭ᠎ᠠ ᠠᠮᠤᠷ ᠬᠤᠳᠠᠯᠳᠤᠨ ᠠᠪᠬᠤ︾ ᠭᠠᠷᠴᠠᠭ ᠲᠤ ᠣᠷᠣᠵᠤ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠠᠵᠤ ᠠᠬᠤᠶᠢᠯᠠᠯ ᠨᠢ ︽ᠱᠧᠨᠵᠧᠨ ᠤ ᠪᠦᠲᠦᠭᠡᠭᠳᠡᠬᠦᠨ︾ ᠢᠶᠠᠷ ᠦᠨᠡᠯᠡᠭᠳᠡᠬᠦ ᠶᠢ ᠠᠬᠢᠭᠤᠯᠵᠤ᠂ ᠨᠠᠷᠠᠲᠤ ᠲᠡᠮᠳᠡᠭᠲᠦ ᠶᠢᠨ ᠬᠠᠮᠲᠤᠷᠠᠯᠴᠠᠭ᠎ᠠ ᠪᠠᠷ ᠳᠡᠮᠵᠢᠨ᠂ ᠡᠵᠡᠩᠨᠡᠨ ᠪᠣᠷᠣᠯᠠᠭᠤᠯᠬᠤ ᠠᠵᠠ ᠲᠣᠬᠢᠶᠠᠯ ᠢ ᠡᠭᠦᠳᠴᠦ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠦᠨᠡᠮᠯᠡᠯ ᠣᠯᠤᠭᠰᠠᠨ ᠠᠵᠤ ᠠᠬᠤᠶᠢᠯᠠᠯ ᠬᠥᠬᠡᠮᠥ᠋ᠷᠡᠨ ᠤ ᠭᠤᠷᠪᠠᠯᠵᠢᠨ ᠬᠤᠶᠢᠭ᠂ ᠲᠣᠮᠣ ᠪᠤᠯᠤᠩ ᠤᠨ ᠣᠷᠣᠨ᠂ ᠵᠡᠭᠦᠨ ᠭᠤᠷᠪᠠᠨ ᠮᠤᠵᠢ ᠶᠢᠨ ᠵᠠᠬ᠎ᠠ ᠳᠡᠯᠭᠡᠭᠦᠷ ᠲᠤ ᠣᠷᠣᠬᠤ ᠶᠠᠰᠤ ᠴᠢᠨᠠᠷ ᠤᠨ ᠢᠲᠡᠭᠡᠮᠵᠢ ᠶᠢᠨ ᠦᠨᠡᠮᠯᠡᠯ ᠪᠠ ᠪᠣᠬᠢᠷᠲᠤᠯ ᠥᠬᠡᠶ ᠨᠡᠪᠲᠡᠷᠡᠬᠦ ᠦᠨᠡᠮᠯᠡᠯ ᠢ ᠣᠯᠤᠭᠰᠠᠨ ᠪᠠᠶᠢᠨ᠎ᠠ᠃ ᠬᠤᠶᠠᠷ ᠨᠢ ︽ ᠪᠠᠷᠢᠮᠵᠢᠶ᠎ᠠ ᠪᠠᠷ ᠬᠤᠪᠢᠷᠠᠭᠤᠯᠵᠤ ᠬᠢᠯᠢ ᠶᠢᠨ ᠳᠣᠲᠣᠨ᠎ᠠ ᠭᠠᠳᠠᠨᠠᠬᠢ ᠵᠣᠬᠢᠴᠠᠭᠤᠯᠤᠯᠲᠠ ᠨᠢ ᠮᠠᠨ ᠤ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠪᠠᠲᠤᠯᠠᠭ᠎ᠠ ᠬᠠᠩᠭᠠᠪᠠ — ᠳᠤᠮᠳᠠᠳᠤ ᠮᠣᠩᠭᠤᠯ ᠬᠤᠶᠠᠷ ᠤᠯᠤᠰ ᠤᠨ ᠨᠡᠭᠦᠷᠡᠰᠦ ᠶᠢ ᠰᠢᠯᠭᠠᠨ ᠪᠠᠶᠢᠴᠠᠭᠠᠵᠤ ᠬᠦᠯᠢᠶᠡᠨ ᠠᠪᠴᠤ ᠢᠲᠡᠭᠡᠮᠵᠢᠯᠡᠬᠦ ᠨᠢ ᠦᠷ᠎ᠡ ᠪᠦᠲᠦᠮᠵᠢ ᠣᠯᠣᠭᠰᠠᠨ︾ ᠶᠠᠪᠤᠳᠠᠯ ᠨᠢ ︽ᠶᠠᠰᠤ ᠴᠢᠨᠠᠷ ᠤᠨ ᠭᠡᠷᠡᠴᠢᠯᠡᠯ ᠤᠨ ︿ᠪᠠᠭ᠎ᠠ ᠮᠥᠷᠲᠡᠭᠡᠨ ᠰᠠᠶᠢᠨ ﹀ ᠤᠯᠠᠨ ᠤᠯᠤᠰ ᠤᠨ ᠬᠠᠷᠢᠯᠴᠠᠨ ᠮᠡᠳᠡᠷᠡᠵᠦ ᠬᠠᠮᠲᠤᠷᠠᠯᠴᠠᠬᠤ︾ ᠪᠦᠬᠦ ᠤᠯᠤᠰ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠠᠮᠵᠢᠯᠲᠠ ᠲᠠᠢ ᠰᠣᠩᠭᠤᠭᠳᠠᠪᠠ᠃         ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠬᠡᠷᠡᠭ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤᠮᠳᠠ᠂ ᠳᠤᠮᠳᠠᠳᠤ ᠮᠣᠩᠭᠤᠯ ᠣᠷᠣᠰ ᠤᠨ ᠶᠠᠰᠤ ᠴᠢᠨᠠᠷ ᠢ ᠬᠠᠷᠢᠯᠴᠠᠨ ᠮᠡᠳᠡᠷᠡᠬᠦ ᠶᠢ ᠢᠳᠡᠪᠬᠢᠲᠡᠶ ᠠᠬᠢᠭᠤᠯᠵᠤ᠂ ︽ᠵᠥᠭᠡᠯᠡᠨ ᠨᠡᠪᠲᠡᠷᠡᠯᠴᠡᠭᠡ︾ ᠶᠢ ᠰᠢᠯᠭᠠᠨ ᠬᠡᠮᠵᠢᠵᠦ᠂ ᠬᠤᠯᠪᠣᠭᠳᠠᠯ ᠪᠥᠬᠦᠶ ᠨᠢᠭᠡᠴᠢ ᠶᠢ ᠵᠢᠯᠣᠭᠤᠳᠴᠤ᠂ ᠬᠤᠤᠰ ᠣᠷᠴᠢᠯ ᠤᠨ ᠰᠠᠭᠠᠳ ᠥᠬᠡᠶ ᠨᠡᠪᠲᠡᠷᠡᠬᠦ ᠳᠤ ᠬᠦᠴᠦᠨ ᠨᠡᠮᠡᠷᠢᠯᠡᠬᠦ᠂ ᠠᠵᠤ ᠦᠢᠯᠡᠰ ᠤᠨ ᠪᠠᠴᠢᠮ ᠬᠡᠷᠡᠭᠴᠡᠭᠡ ᠶᠢ ᠰᠢᠢᠳᠪᠦᠷᠢᠯᠡᠬᠦ᠂ ᠲᠤᠬᠠᠶ ᠶᠢᠨ ᠭᠠᠵᠠᠷ ᠤᠨ ᠠᠷᠠᠳ ᠣᠯᠠᠨ ᠳᠤ ᠠᠰᠢᠭ ᠬᠦᠷᠲᠡᠭᠡᠬᠦ ᠵᠡᠷᠭᠡ ᠬᠠᠷᠠᠯᠲᠠ ᠶᠢᠨ ᠲᠣᠭᠤᠷᠢᠨ ᠳᠤ᠂ ᠶᠠᠰᠤ ᠴᠢᠨᠠᠷ ᠤᠨ ᠭᠡᠷᠡᠴᠢᠯᠡᠯ ᠤᠨ ︽ᠪᠠᠭ᠎ᠠ ᠮᠥᠷᠲᠡᠭᠡᠨ ᠰᠠᠶᠢᠨ︾ ᠣᠯᠠᠨ ᠤᠯᠤᠰ ᠤᠨ ᠬᠠᠷᠢᠯᠴᠠᠨ ᠮᠡᠳᠡᠷᠡᠬᠦ ᠬᠠᠮᠲᠤᠷᠠᠯᠴᠠᠭᠠᠨ ᠤ ᠲᠥᠷᠥᠯ ᠵᠦᠢᠯ ᠢ ᠬᠦᠴᠦᠯᠡᠨ ᠪᠠᠶᠢᠭᠤᠯᠪᠠ᠃ ︽ᠬᠢᠷᠢ ᠲᠡᠩᠴᠡᠭᠰᠡᠨ ᠪᠠᠳᠣᠯᠠᠭ᠎ᠠ︾ + ᠨᠡᠶᠢᠴᠡᠬᠦ ᠴᠢᠨᠡᠷᠳᠡᠢ ᠦᠨᠡᠯᠡᠨ ᠵᠢᠱᠢᠬᠦ ᠬᠡᠯᠪᠡᠷᠢ ᠶᠢ ᠶᠡᠷᠦᠩᠬᠡᠶᠢᠯᠡᠨ ᠬᠡᠷᠡᠭᠯᠡᠬᠦ ᠮᠠᠶ᠋ᠢᠭ ᠢᠶᠠᠷ ᠮᠣᠩᠭᠤᠯ ᠤᠯᠤᠰ ᠠᠴᠠ ᠣᠷᠣᠭᠤᠯᠬᠤ ᠨᠡᠬᠦᠷᠡᠰᠦ ᠳᠤ ᠬᠢᠷᠢ ᠳᠡᠩᠴᠡᠬᠦ ᠬᠢᠨᠡᠨ ᠲᠣᠠᠠᠳᠠᠭᠠᠯᠳᠡ ᠬᠢᠵᠦ᠂ ᠭᠠᠳᠠᠭᠠᠳᠣ ᠠᠴᠠ ᠨᠡᠭᠦᠷᠡᠰᠦ ᠣᠷᠣᠭᠤᠯᠬᠤ ᠠᠵᠦ ᠠᠬᠤᠶᠢᠯᠠᠯ ᠤᠨ ᠭᠠᠳᠠᠭᠠᠳᠣ ᠠᠴᠠ ᠣᠷᠣᠭᠤᠯᠬᠤ ᠦᠶ᠎ᠡ ᠶᠢᠨ ᠪᠠᠶᠢᠴᠠᠭᠠᠨ ᠰᠢᠯᠭᠠᠬᠤ ᠶᠢ ᠬᠦᠯᠢᠶᠡᠨ ᠠᠪᠴᠤ ᠢᠲᠡᠭᠡᠮᠵᠢᠯᠡᠬᠦ ᠶᠢ ᠭᠤᠶᠤᠴᠢᠯᠠᠬᠤ᠂ ᠪᠠᠶᠢᠴᠠᠭᠠᠨ ᠰᠢᠯᠭᠠᠭᠰᠠᠨ ᠮᠡᠳᠡᠬᠦᠯᠥᠯᠳᠡ ᠪᠠ ᠨᠡᠶᠢᠴᠡᠬᠦ ᠴᠢᠨᠡᠷᠳᠡᠢ ᠢᠯᠡᠷᠭᠡᠶᠢᠯᠡᠯᠳᠡ ᠲᠤᠰᠢᠶᠠᠬᠤ ᠳᠤ ᠳᠥᠭᠦᠮ ᠦᠵᠡᠭᠦᠯᠵᠦ᠂ ᠪᠤᠭᠤᠮᠳᠠ ᠪᠠᠷ ᠬᠢᠨᠡᠨ ᠲᠣᠠᠠᠳᠠᠭᠠᠯᠳᠡ ᠬᠢᠵᠦ ᠪᠠᠲᠤᠯᠠᠭᠰᠠᠨ ᠤ ᠳᠡᠷᠠᠭ᠎ᠠ᠂ ᠲᠣᠰ ᠡᠳᠦᠷ ᠨᠢ ᠬᠢᠯᠢ ᠪᠠᠷ ᠣᠷᠣᠵᠦ ᠢᠷᠡᠭᠰᠡᠨ ᠨᠡᠬᠦᠷᠡᠰᠦ ᠪᠠᠨ ᠭᠠᠷᠭᠠᠵᠦ ᠪᠤᠯᠥᠨ᠎ᠠ᠃ ᠲᠣᠰ ᠠᠷᠭ᠎ᠠ ᠬᠡᠮᠵᠢᠶ᠎ᠡ ᠨᠢ ᠬᠢᠯᠢ ᠪᠠᠷ ᠣᠷᠣᠵᠤ ᠢᠷᠡᠬᠦ ᠨᠡᠭᠦᠷᠡᠰᠦ ᠶᠢ ᠰᠢᠯᠭᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ ᠢᠯᠡᠳᠲᠡ ᠪᠠᠭᠤᠷᠠᠭᠤᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠠᠷᠪᠢᠯᠠᠪᠠ︔ ᠪᠣᠭᠤᠮᠲᠠ ᠶᠢᠨ ᠬᠠᠷᠢᠶᠠᠯᠠᠭᠳᠠᠬᠤ ᠪᠣᠭᠤᠮᠲᠠ ᠶᠢᠨ ᠬᠠᠤᠯᠢ ᠬᠡᠷᠡᠭᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠬᠢᠷᠢ ᠲᠡᠩᠴᠡᠬᠦ ᠥᠬᠡᠶ ᠨᠡᠭᠦᠷᠡᠰᠦ ᠶᠢ ︽ᠪᠤᠴᠠᠭᠠᠵᠤ ᠲᠡᠭᠡᠭᠡᠪᠦᠷᠢᠯᠡᠬᠦ ᠳᠤ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠢᠴᠢ ᠬᠤᠶᠠᠷ ᠤᠯᠤᠰ ᠤᠨ ᠨᠡᠭᠦᠷᠡᠰᠦᠨ ᠤ ᠠᠷᠠᠯᠵᠢᠶ᠎ᠠ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ 2024 ᠣᠨ ᠤ 3 ᠳ᠋ᠤᠭᠠᠷ ᠰᠠᠷ᠎ᠠ ᠪᠣᠯᠲᠠᠯ᠎ᠠ᠂ ᠬᠦᠯᠢᠶᠡᠨ ᠠᠪᠴᠤ ᠢᠲᠡᠭᠡᠮᠵᠢᠯᠡᠬᠦ ᠪᠠᠶᠢᠭᠤᠯᠤᠮᠵᠢ ᠨᠢ ᠮᠣᠩᠭᠤᠯ ᠤᠯᠤᠰ ᠤᠨ 28 ᠠᠭᠤᠷᠬᠠᠶ ᠶᠢᠨ ᠣᠷᠣᠨ ᠤ 52 ᠨᠡᠭᠦᠷᠡᠰᠦᠨ ᠤ ᠲᠥᠷᠥᠯ ᠳᠤ ᠬᠦᠯᠢᠶᠡᠨ ᠠᠪᠴᠤ ᠢᠲᠡᠭᠡᠮᠵᠢᠯᠡᠬᠦ ᠰᠢᠯᠭᠠᠨ ᠪᠠᠶᠢᠴᠠᠭᠠᠯᠲᠠ ᠬᠢᠬᠦ ᠠᠵᠢᠯᠯᠠᠭ᠎ᠠ ᠥᠷᠨᠢᠭᠦᠯᠵᠦ᠂ ᠭᠠᠳᠠᠭᠠᠳᠤ ᠠᠴᠠ ᠣᠷᠣᠭᠤᠯᠬᠤ 211 ᠠᠵᠤ ᠠᠬᠤᠶᠢᠯᠠᠯ ᠲᠠᠢ ᠬᠤᠯᠪᠣᠭᠳᠠᠵᠠᠶ᠂ ᠶᠡᠷᠦᠩᠬᠡᠶ ᠰᠢᠯᠭᠠᠨ ᠪᠠᠶᠢᠴᠠᠭᠠᠭᠰᠠᠨ ᠬᠦᠯᠢᠶᠡᠨ ᠠᠪᠴᠤ ᠢᠲᠡᠭᠡᠮᠵᠢᠯᠡᠬᠦ ᠬᠡᠮᠵᠢᠶ᠎ᠡ 2917.4 ᠲᠦᠮᠡᠨ ᠲᠣᠨ ᠬᠦᠷᠴᠦ᠂ ᠬᠦᠯᠢᠶᠡᠨ ᠠᠪᠴᠤ ᠢᠲᠡᠭᠡᠮᠵᠢᠯᠡᠬᠦ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ 13911 ᠬᠤᠪᠢ ᠪᠠᠶᠢᠵᠤ᠂ 110 ᠲᠦᠮᠡᠨ ᠲᠣᠨ ᠬᠢᠷᠢ ᠲᠡᠩᠴᠡᠬᠦ ᠥᠬᠡᠶ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢ ᠬᠤᠷᠢᠭᠯᠠᠪᠠ᠃

    ᠡᠭᠦᠨ ᠤ ᠬᠠᠮᠲᠤ᠂ ᠲᠣᠰ ᠤᠳᠠᠭᠠᠨ ᠤ ᠬᠤᠷᠠᠯ ᠳᠡᠭᠡᠷ᠎ᠡ ᠮᠠᠨ ᠤ ᠣᠷᠣᠨ ᠪᠠᠰᠠ ᠯᠢᠶᠣᠤᠨᠢᠩ᠂ ᠭᠢᠷᠢᠨ᠂ ᠬᠠᠷᠠᠮᠥ᠋ᠷᠡᠨ ᠭᠤᠷᠪᠠᠨ ᠮᠤᠵᠢ ᠲᠠᠢ ︽ᠭᠤᠷᠪᠠᠨ ᠮᠤᠵᠢ ᠨᠢᠭᠡ ᠣᠷᠣᠨ︾ ᠤ CCC ᠭᠦᠢᠴᠡᠳᠬᠡᠬᠦ ᠶᠢ ᠬᠡᠯᠲᠦᠷᠢᠭᠦᠯᠬᠦ ᠭᠡᠷ᠎ᠡ ᠲᠣᠭᠲᠠᠪᠠ᠃ ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠳᠤ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠨᠡᠶᠢᠲᠡ 3 ᠬᠠᠮᠵᠢᠯᠴᠠᠬᠤ ᠣᠷᠣᠨ ᠪᠦᠰᠡ ᠶᠢᠨ 11 ᠮᠤᠵᠢ ᠣᠷᠣᠨ ᠤ ᠲᠥᠯᠥᠭᠡᠯᠡᠭᠴᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ ᠬᠤᠷᠠᠯ ᠳᠤ ᠣᠷᠣᠯᠴᠠᠭᠰᠠᠨ ᠪᠥᠭᠡᠳ ᠥᠪᠥᠷ ᠮᠣᠩᠭᠤᠯ ᠢ ᠲᠥᠯᠥᠭᠡᠯᠡᠨ ᠭᠡᠷ᠎ᠡ ᠲᠣᠭᠲᠠᠪᠠ᠃ ᠲᠣᠰ ᠤᠳᠠᠭᠠᠨ ᠤ ᠭᠡᠷ᠎ᠡ ᠲᠣᠭᠲᠠᠭᠰᠠᠨ ᠵᠣᠷᠢᠯᠭ᠎ᠠ ᠨᠢ CCC ᠭᠦᠢᠴᠡᠳᠬᠡᠬᠦ ᠶᠢ ᠬᠡᠯᠲᠦᠷᠢᠭᠦᠯᠬᠦ ᠭᠡᠷᠡᠴᠢᠯᠡᠯ ᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠲᠦᠷᠢᠮ ᠢ ᠨᠢᠭᠡᠳᠦᠯᠲᠡᠶ ᠵᠢᠷᠤᠮᠵᠢᠭᠤᠯᠵᠤ᠂ ᠬᠢᠨᠠᠨ ᠬᠠᠮᠢᠶᠠᠷᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠯᠵᠢᠶ᠎ᠠ ᠶᠢ ᠳᠥᠭᠦᠮ ᠪᠣᠯᠭᠠᠬᠤ ᠳᠤ ᠦᠢᠯᠡᠴᠢᠯᠡᠵᠦ᠂ ᠵᠠᠰᠠᠭ ᠵᠠᠬᠢᠷᠭᠠᠨ ᠤ ᠬᠤᠷᠢᠭ᠎ᠠ ᠴᠠᠷᠠᠭ᠎ᠠ ᠶᠢ ᠤᠯᠠᠮ ᠨᠢᠭᠡ ᠠᠯᠬᠤᠮ ᠡᠪᠳᠡᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠦᠨ᠂ ᠬᠦᠴᠦᠨ ᠵᠦᠢᠯ ᠤᠨ ᠰᠢᠯᠵᠢᠯᠲᠡ ᠶᠢ ᠠᠬᠢᠭᠤᠯᠵᠤ᠂ ᠨᠠᠩ ᠴᠢᠨᠠᠷ ᠰᠠᠶᠢᠲᠠᠶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ ᠶᠤᠮ᠃ ᠲᠣᠰ ᠤᠳᠠᠭᠠᠨ ᠤ ᠭᠡᠷ᠎ᠡ ᠲᠣᠭᠲᠠᠬᠤ ᠨᠢ ᠨᠢᠭᠡ ᠳᠤ ᠭᠦᠢᠴᠡᠳᠬᠡᠬᠦ‌ᠡᠴᠡ ᠬᠡᠯᠲᠦᠷᠢᠭᠦᠯᠬᠦ ᠭᠡᠷᠡᠴᠢ ᠠᠪᠬᠤ ᠭᠤᠶᠤᠴᠢᠯᠠᠯ ᠤᠨ ᠱᠠᠭᠠᠷᠳᠠᠯᠭ᠎ᠠ ᠶᠢ ᠨᠢᠭᠡᠳᠦᠯᠲᠡᠶ ᠪᠣᠯᠭᠠᠵᠤ ᠂ CCC ᠭᠦᠢᠴᠡᠳᠬᠡᠬᠦ ᠶᠢ ᠬᠡᠯᠲᠦᠷᠢᠭᠦᠯᠬᠦ ᠶᠢ ᠳᠠᠩᠰᠠᠯᠠᠭᠤᠯᠬᠤ ᠪᠠᠷ ᠭᠤᠶᠤᠴᠢᠯᠠᠬᠤ ᠭᠠᠵᠠᠷ ᠪᠠ ᠬᠡᠷᠡᠭᠯᠡᠬᠦ ︵ᠰᠢᠯᠭᠠᠬᠤ︶ ᠭᠠᠵᠠᠷ ᠨᠢ ᠣᠨᠳᠣᠣ ᠠᠵᠤ ᠠᠬᠤᠶᠢᠯᠠᠯ ᠨᠢ ᠪᠦᠬᠦᠨ ᠢ ᠭᠦᠢᠴᠡᠳᠬᠡᠵᠦ᠂ ᠠᠵᠤ ᠠᠬᠤᠶᠢᠯᠠᠯ ᠤᠨ ᠨᠠᠭᠠᠰᠢ ᠴᠠᠭᠠᠰᠢ ᠶᠠᠪᠤᠬᠤ ᠴᠠᠭ ᠪᠠ ᠥᠪᠡᠷ ᠤᠨ ᠥᠷᠲᠡᠭ ᠢ ᠨᠢ ᠠᠷᠪᠢᠯᠠᠬᠤ ᠪᠣᠯᠣᠨ᠎ᠠ᠃     ᠬᠤᠶᠠᠷ ᠲᠤ ᠣᠷᠣᠨ ᠪᠦᠰᠡ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠦᠢᠯᠡᠳᠬᠦᠨ ᠤ ᠬᠡᠷᠡᠭᠯᠡᠯᠲᠡ ︵ᠬᠡᠮᠵᠢᠨ ᠰᠢᠯᠭᠠᠬᠤ︶ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠬᠢᠳᠠᠯ ᠢᠶᠠᠷ ᠭᠤᠶᠤᠴᠢᠯᠠᠵᠤ᠂ ᠭᠤᠶᠤᠴᠢᠯᠠᠨ ᠮᠡᠳᠡᠭᠦᠯᠦᠭᠰᠡᠨ ᠬᠡᠷᠡᠭᠴᠡᠭᠡ ᠪᠠᠷ ᠦᠢᠯᠡᠳᠬᠦᠨ ᠢ ᠬᠡᠷᠡᠭᠯᠡᠭᠰᠡᠨ ᠡᠰᠡᠬᠦ ᠶᠢ ᠬᠢᠨᠠᠨ ᠬᠠᠷᠭᠤᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠯᠭᠠᠮᠵᠢ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢ ᠬᠦᠯᠢᠶᠡᠨ ᠠᠪᠴᠤ ᠢᠲᠡᠭᠡᠮᠵᠢᠯᠡᠵᠦ᠂ ᠡᠭᠦᠨ ᠤ ᠤᠯᠠᠮ ᠠᠴᠠ ᠵᠠᠯᠭᠠᠮᠵᠢ ᠬᠢᠨᠠᠯᠲᠠ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠠᠰᠬᠠᠨ᠎ᠠ᠃ ᠭᠤᠷᠪᠠ ᠳᠤ ᠭᠦᠢᠴᠡᠳᠬᠡᠬᠦ ᠶᠢ ᠭᠡᠯᠳᠦᠷᠢᠭᠦᠯᠬᠦ ᠶᠢ ᠭᠤᠶᠤᠴᠢᠯᠠᠭᠰᠠᠨ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ ᠴᠢᠳᠠᠨ᠎ᠠ᠃ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ CCC ᠭᠦᠢᠴᠡᠳᠬᠡᠬᠦ ᠶᠢ ᠭᠡᠯᠳᠦᠷᠢᠭᠦᠯᠬᠦ ᠳᠥᠭᠦᠮ ᠳᠥᠲᠡ ᠨᠡᠪᠲᠡᠷᠡᠭᠦᠯᠬᠦ ᠵᠠᠮ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠬᠠᠷᠢᠯᠴᠠᠨ ᠮᠡᠳᠡᠷᠡᠬᠦ ᠶᠢ ᠬᠠᠶᠢᠨ ᠰᠦᠪᠡᠭᠴᠢᠯᠡᠵᠦ᠂ CCC ᠭᠦᠢᠴᠡᠳᠬᠡᠬᠦ ᠶᠢ ᠭᠡᠯᠳᠦᠷᠢᠭᠦᠯᠬᠦ ᠨᠢ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠷᠪᠡ ᠳᠤ CCC ᠶᠢᠨ ᠭᠡᠷᠡᠴᠢᠯᠡᠯ ᠢ ᠬᠢᠨᠠᠨ ᠬᠠᠮᠢᠶᠠᠷᠬᠤ ᠲᠤᠰᠬᠠᠢ ᠮᠡᠷᠭᠡᠵᠢᠯᠲᠡᠨ ᠢ ᠬᠠᠮᠲᠤ ᠪᠠᠷ ᠡᠳ᠋ᠯᠡᠵᠦ ᠴᠢᠳᠠᠨ᠎ᠠ᠃ ᠡᠯ᠎ᠡ ᠭᠠᠵᠠᠷ ᠤᠨ ᠬᠢᠨᠠᠯᠲᠠ ᠲᠠᠯᠪᠢᠨ ᠪᠠᠶᠢᠴᠠᠭᠠᠬᠤ ᠠᠵᠢᠯ ᠨᠢ ᠬᠡᠷᠡᠭᠴᠡᠭᠡ ᠲᠠᠢ ᠦᠶ᠎ᠡ ᠳᠤ᠂ ᠬᠠᠷᠢᠯᠴᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠲᠣᠮᠢᠯᠠᠵᠤ᠂ ᠵᠠᠷᠢᠮ ᠬᠦᠷᠢᠶᠡᠨ ᠤ ᠮᠡᠷᠭᠡᠵᠢᠯ ᠤᠨ ᠲᠤᠰᠬᠠᠶ ᠮᠡᠷᠭᠡᠵᠢᠯᠲᠡᠨ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠭᠡᠷᠡᠴᠢᠯᠡᠯ ᠤᠨ ᠪᠠᠶᠢᠭᠤᠯᠤᠮᠵᠢ ᠪᠠ ᠪᠥᠬᠦ ᠣᠷᠣᠨ ᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠨ ᠰᠤᠷᠤᠯᠴᠠᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠨᠠᠩ ᠣᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠣᠶ ᠪᠣᠯᠭᠠᠵᠤ᠂ ᠭᠡᠷᠡᠴᠢᠯᠡᠯ ᠰᠢᠯᠭᠠᠨ ᠬᠡᠮᠵᠢᠬᠦ ᠶᠢᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃  

 

ᠢᠷᠡᠯᠲᠡ᠄ ᠭᠡᠷᠡᠴᠢᠯᠡᠨ ᠵᠥᠪᠰᠢᠶᠡᠷᠡᠬᠦ ᠬᠢᠭᠡᠳ ᠰᠢᠯᠭᠠᠨ ᠬᠡᠮᠵᠢᠬᠦ ᠬᠢᠨᠠᠯᠲᠠ ᠬᠠᠮᠢᠶᠠᠷᠤᠯᠲᠠ ᠶᠢᠨ ᠭᠠᠵᠠᠷ᠂ ︽ᠥᠪᠥᠷ ᠮᠣᠩᠭᠤᠯ ᠨᠡᠷᠡᠮᠵᠢᠲᠦ︾
Baidu
map