ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠲᠣᠭᠲᠠᠭᠠᠯ︾ ᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2024/6/17

    6 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠠᠶ ᠳᠤ ᠵᠢᠯᠣᠭᠤᠳᠬᠤ ᠪᠠ ᠰᠦᠯᠵᠢᠶᠡᠨ ᠳᠡᠭᠡᠷᠡᠬᠢ ᠪᠣᠯᠪᠠᠰᠤᠷᠠᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠣᠷᠳᠣᠰ ᠤᠨ ᠪᠸᠢ ᠴᠤᠸᠠᠩ ᠦᠢᠯᠡᠳᠬᠦ ᠬᠢᠵᠠᠭᠠᠷᠲᠤ ᠺᠣᠮᠫᠠᠨᠢ ᠳᠤ ᠪᠥᠬᠦ ᠣᠷᠣᠨ ᠤ ᠴᠠᠬᠢᠯᠭᠠᠨ ᠤᠲᠠᠰᠤ ᠴᠠᠬᠢᠯᠭᠠᠨ ᠳᠡᠭᠡᠰᠦ ᠦᠢᠯᠡᠳᠪᠦᠷᠢᠯᠡᠵᠦ ᠪᠣᠷᠣᠯᠠᠭᠤᠯᠬᠤ 32 ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠪᠣᠯᠤᠨ ᠪᠥᠬᠦ ᠣᠷᠣᠨ ᠤ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ᠂ ᠲᠦᠭᠰᠢᠭᠦᠷᠢ ᠶᠢ ᠣᠨᠣᠪᠴᠢᠲᠠᠶ ᠢᠯᠭᠠᠨ ᠲᠠᠨᠢᠵᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠸᠢᠳᠢᠣ᠋ ᠪᠣᠯᠪᠠᠰᠤᠷᠠᠯ ᠢ ᠥᠷᠨᠢᠭᠦᠯᠪᠡ᠃

    ᠪᠣᠯᠪᠠᠰᠤᠷᠠᠯ ᠢᠶᠠᠷ ᠳᠠᠮᠵᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠶᠢ ᠵᠢᠯᠣᠭᠤᠳᠤᠨ ᠰᠢᠮᠳᠠᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ 20 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ᠂ 30 ᠵᠦᠢᠯ ᠤᠨ ᠬᠡᠷᠡᠭᠯᠡᠭᠡᠨ ᠤ ᠵᠦᠢᠯ᠂ 13 ᠲᠥᠷᠥᠯ ᠤᠨ ᠮᠠᠲ᠋ᠧᠷᠢᠶᠠᠯ ᠤᠨ ᠢᠳᠡᠭᠡᠨ ᠤ ᠬᠠᠮᠢᠶ᠎ᠠ ᠪᠥᠬᠦᠶ ᠦᠢᠯᠡᠳᠬᠦᠨ ᠢᠯᠠᠩᠭᠤᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠰᠢᠲᠠᠮᠠᠬᠠᠶ ᠬᠡᠶ ᠶᠢᠨ ᠪᠠᠭᠠᠵᠢ ᠪᠣᠷᠣᠯᠠᠭᠤᠯᠬᠤ ᠨᠢᠭᠡᠴᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠪᠣᠯᠪᠠᠰᠤᠷᠠᠯ ᠳᠤ ᠦᠢᠯᠡᠳᠬᠦᠨ ᠤ ᠶᠠᠰᠤ ᠴᠢᠨᠠᠷ ᠤᠨ ᠲᠤᠰᠬᠠᠶ ᠮᠡᠷᠭᠡᠵᠢᠯᠲᠡᠨ ᠵᠠᠩ ᠵᠢᠩ ᠵᠢᠩ᠂ ᠰᠢᠶᠠ ᠶᠢᠨ ᠶᠠᠨ ᠪᠠᠭᠰᠢ ᠶᠢ ᠤᠷᠢᠵᠤ ᠬᠤᠶᠠᠷ ᠵᠦᠢᠯ ᠤᠨ ︽ᠴᠠᠬᠢᠯᠭᠠᠨ ᠤᠲᠠᠰᠤ ᠴᠠᠬᠢᠯᠭᠠᠨ ᠳᠡᠭᠡᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ︾ ᠳᠤ ᠴᠢᠭᠯᠡᠭᠦᠯᠦᠨ᠂ ᠴᠠᠬᠢᠯᠭᠠᠨ ᠤᠲᠠᠰᠤ ᠴᠠᠬᠢᠯᠭᠠᠨ ᠳᠡᠭᠡᠰᠦ ᠦᠢᠯᠡᠳᠪᠦᠷᠢᠯᠡᠬᠦ ᠲᠦᠭᠦᠬᠡᠶ ᠮᠠᠲ᠋ᠧᠷᠢᠶᠠᠯ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ᠦᠢᠯᠡᠳᠪᠦᠷᠢᠯᠡᠯ ᠤᠨ ᠶᠠᠪᠤᠴᠠ᠂ ᠠᠵᠢᠯᠲᠠᠨ ᠤ ᠬᠠᠮᠢᠶᠠᠷᠤᠯᠲᠠ᠂ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠦᠢᠯᠡᠳᠪᠦᠷᠢ ᠠᠴᠠ ᠭᠠᠷᠭᠠᠬᠤ᠂ ᠦᠢᠯᠡᠳᠬᠦᠨ ᠤ ᠱᠣᠰᠢᠭ᠎ᠠ ᠲᠡᠮᠳᠡᠭ ᠵᠡᠷᠭᠡ ᠪᠥᠬᠦ ᠶᠠᠪᠤᠴᠠ ᠶᠢᠨ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠵᠢᠴᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠴᠠ ᠵᠤᠷᠪᠤᠰ ᠳᠠᠷᠠᠭᠠᠯᠠᠨ ᠲᠠᠶᠢᠯᠤᠮᠵᠢ ᠬᠢᠵᠦ᠂ ᠴᠠᠬᠢᠯᠭᠠᠨ ᠤᠲᠠᠰᠤ ᠴᠠᠬᠢᠯᠭᠠᠨ ᠳᠡᠭᠡᠰᠦᠨ ᠤ ᠠᠵᠤ ᠠᠬᠤᠶᠢᠯᠠᠯ ᠤᠨ ᠪᠣᠳᠠᠲᠠᠶ ᠠᠵᠢᠯ ᠤᠨ ᠳᠤᠮᠳᠠ ᠪᠠᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠪᠦᠲᠦᠮᠵᠢᠲᠡᠶ ᠰᠠᠶᠢᠲᠤᠷ ᠨᠠᠶᠢᠳᠠᠪᠤᠷᠢᠵᠢᠭᠤᠯᠬᠤ ᠶᠢ ᠵᠢᠯᠣᠭᠤᠳᠪᠠ᠃ ᠪᠧᠢ ᠴᠤᠸᠠᠩ ᠦᠢᠯᠡᠳᠬᠦ ᠬᠢᠵᠠᠭᠠᠷᠲᠤ ᠺᠣᠮᠫᠠᠨᠢ ᠬᠡᠷᠬᠢᠨ ᠠᠵᠤ ᠠᠬᠤᠶᠢᠯᠠᠯ ᠤᠨ ᠱᠠᠭᠠᠷᠳᠠᠯᠭ᠎ᠠ ᠪᠠ ᠪᠣᠳᠠᠲᠠᠶ ᠲᠤᠬᠠᠶᠢᠯᠠᠭᠰᠠᠨ ᠠᠵᠢᠯ ᠢᠶᠠᠨ ᠦᠨᠳᠦᠰᠦᠯᠡᠨ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠬᠡᠷᠬᠢᠨ ᠡᠳᠦᠷ ᠪᠦᠷᠢ ᠬᠠᠮᠢᠶᠠᠷᠴᠤ ᠭᠠᠷᠠᠭ ᠪᠦᠷᠢ ᠪᠠᠶᠢᠴᠠᠭᠠᠬᠤ ᠰᠠᠷ᠎ᠠ ᠪᠦᠷᠢ ᠲᠣᠬᠢᠷᠠᠭᠤᠯᠬᠤ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠲᠤᠬᠠᠶ ᠲᠤᠷᠰᠢᠯᠭ᠎ᠠ ᠪᠠᠨ ᠰᠣᠯᠢᠯᠴᠠᠪᠠ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠲᠣᠭᠲᠠᠭᠠᠯ︾ ᠢ ᠦᠷᠭᠦᠯᠵᠢᠯᠡᠨ ᠠᠬᠢᠭᠤᠯᠵᠤ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠨ ᠬᠢᠨᠠᠬᠤ ᠵᠦᠭᠯᠡᠭᠦᠷ ᠪᠠ ᠰᠢᠯᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠰᠤᠭᠤᠴᠢᠨ ᠪᠠᠶᠢᠴᠠᠭᠠᠬᠤ ᠰᠢᠯᠭᠠᠯᠲᠠ ᠶᠢ ᠵᠣᠬᠢᠶᠠᠨ ᠪᠠᠶᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠬᠤ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠬᠠᠨᠳᠤᠯᠭᠠᠲᠤ ᠴᠢᠨᠠᠷᠲᠠᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠠᠷᠢᠯᠭᠠᠬᠤ ᠶᠢ ᠴᠢᠩᠭᠠᠷᠠᠭᠤᠯᠤᠨ᠎ᠠ᠃

 

ᠢᠷᠡᠯᠲᠡ᠄ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ
Baidu
map