ᠣᠶᠢᠷ᠎ᠠ ᠳᠤ᠂ ᠳᠤᠮᠳᠠᠳᠤ ᠤᠯᠤᠰ ᠤᠨ ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠭᠤᠴᠢᠳᠤᠭᠠᠷ ᠤᠳᠠᠭ᠎ᠠ ᠶᠢᠨ ᠬᠤᠷᠠᠯ ᠵᠢᠴᠢ 2024 ᠣᠨ ᠤ ᠳᠤᠮᠳᠠᠳᠤ ᠤᠯᠤᠰ ︵ᠣᠯᠠᠨ ᠤᠯᠤᠰ︶ ᠤᠨ ᠰᠦ ᠶᠢᠨ ᠦᠢᠯᠡᠰ ᠤᠨ ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ᠴᠠᠩᠱᠠ ᠳᠤ ᠡᠬᠢᠯᠡᠪᠡ᠃ ᠬᠤᠷᠠᠯ ᠤᠨ ᠬᠤᠭᠤᠴᠠᠭᠠᠨ ᠳᠤ᠂ ︽ᠤᠯᠤᠰ ᠤᠨ ᠰᠦ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ︾ ᠨᠢ ︽ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠲᠠᠢ ᠬᠤᠯᠪᠣᠭᠠᠯᠠᠵᠤ ︽ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠪᠦᠬᠦ ᠪᠥᠮᠪᠥᠷᠴᠡᠭ ᠤᠨ ᠲᠤᠰᠬᠠᠶ ᠠᠰᠢᠭ ᠤᠨ ᠣᠳᠣᠬᠢ ᠪᠠᠶᠢᠳᠠᠯ ᠬᠢᠭᠡᠳ ᠬᠠᠨᠳᠤᠰᠢ ᠶᠢᠨ ᠴᠠᠭᠠᠨ ᠭᠠᠳᠠᠷᠲᠤ ᠪᠢᠴᠢᠭ︾ ᠢ ᠨᠡᠶᠢᠲᠡᠯᠡᠪᠡ᠃ ᠲᠣᠰ ᠴᠠᠭᠠᠨ ᠭᠠᠳᠠᠷᠲᠤ ᠪᠢᠴᠢᠭ ᠲᠤ ᠪᠥᠬᠦ ᠪᠥᠮᠪᠥᠷᠴᠡᠭ ᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠠᠵᠤ ᠦᠢᠯᠡᠰ ᠤᠨ ᠲᠤᠰᠬᠠᠶ ᠠᠰᠢᠭ ᠤᠨ ᠮᠡᠷᠭᠡᠵᠢᠯ ᠤᠨ ᠣᠳᠣᠬᠢ ᠪᠠᠶᠢᠳᠠᠯ ᠵᠢᠴᠢ ᠠᠵᠢᠯ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠤᠰᠢᠭᠤᠷᠠᠯ ᠬᠠᠨᠳᠤᠰᠢ ᠶᠢ ᠭᠦᠨᠵᠡᠭᠡᠶ ᠵᠠᠳᠠᠯᠵᠤ᠂ ᠢ ᠯᠢ ᠪᠠᠷ ᠲᠥᠯᠥᠭᠡᠯᠡᠭᠦᠯᠦᠭᠰᠡᠨ ᠳᠤᠮᠳᠠᠳᠤ ᠤᠯᠤᠰ ᠤᠨ ᠰᠦ ᠶᠢᠨ ᠠᠵᠤ ᠠᠬᠤᠶᠢᠯᠠᠯ ᠤᠨ ᠲᠤᠰᠬᠠᠶ ᠠᠰᠢᠭ ᠤᠨ ᠰᠢᠨ᠎ᠡ ᠶᠢ ᠡᠭᠦᠳᠬᠦ ᠬᠦᠷᠢᠶᠡᠨ ᠳᠠᠬᠢ ︽ᠬᠦᠴᠦᠷᠬᠡᠭ ᠢᠶᠠᠷ ᠨᠡᠬᠡᠮᠵᠢᠯᠡᠵᠦ︾ ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠬᠤᠷᠳᠤᠳᠬᠠᠯ︾ ᠢ ᠭᠦᠢᠴᠡᠳ ᠢᠯᠡᠷᠡᠭᠦᠯᠦᠭᠰᠡᠨ ᠪᠥᠭᠡᠳ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠲᠣᠮᠣ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠢ ᠤᠯᠠᠮ ᠨᠢᠭᠡ ᠠᠯᠬᠤᠮ ᠢᠯᠡᠷᠡᠭᠦᠯᠵᠦ᠂ ᠠᠵᠢᠯ ᠲᠥᠷᠥᠯ ᠤᠨ ᠳᠣᠲᠣᠭᠠᠳᠤ ᠭᠠᠳᠠᠭᠠᠳᠤ ᠶᠢᠨ ᠥᠷᠭᠡᠨ ᠳᠡᠯᠭᠡᠷ ᠠᠩᠬᠠᠷᠤᠯ ᠢ ᠲᠠᠲᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃
ᠴᠠᠭᠠᠨ ᠭᠠᠳᠠᠷᠲᠤ ᠪᠢᠴᠢᠭ ᠤᠨ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠥᠬᠦ ᠳᠡᠯᠡᠬᠡᠶ ᠶᠢᠨ ᠬᠡᠪᠴᠢᠶᠡᠨ ᠳᠤ ᠮᠠᠨ ᠤ ᠤᠯᠤᠰ ᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠠᠩᠬᠠᠨ ᠤ ᠭᠠᠷᠭᠠᠯᠲᠠ ᠶᠢᠨ ᠮᠡᠷᠭᠡᠵᠢᠯ ᠤᠨ ᠲᠤᠰᠬᠠᠶ ᠠᠰᠢᠭ ︵ᠲᠥᠷᠥᠯ︶ ᠤᠨ ᠲᠤᠭ᠎ᠠ ᠬᠡᠮᠵᠢᠶ᠎ᠡ ᠵᠢᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠠᠰᠢᠭ ᠤᠨ ᠪᠠᠲᠤᠯᠠᠭ᠎ᠠ ︵ᠵᠦᠢᠯ︶ ᠶᠢᠨ ᠲᠤᠭ᠎ᠠ ᠬᠡᠮᠵᠢᠶ᠎ᠡ ᠨᠢ ᠴᠥᠮ ᠳᠡᠯᠡᠬᠡᠶ ᠶᠢᠨ ᠨᠢᠭᠡᠳᠦᠭᠡᠷ ᠲᠤ ᠣᠷᠣᠵᠤ᠂ ᠲᠣᠰ ᠭᠠᠵᠠᠷ ᠣᠷᠣᠨ ᠤ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ ᠴᠠᠭᠠᠨ ᠭᠠᠳᠠᠷᠲᠤ ᠪᠢᠴᠢᠭ ᠲᠤ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠮᠡᠷᠭᠡᠵᠢᠯ ᠤᠨ ᠰᠤᠳᠤᠯᠭᠠᠨ ᠡᠬᠢᠯᠡᠭᠰᠡᠨ ᠨᠢ ᠣᠷᠣᠶ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠠᠰᠢᠭ ᠨᠢ 1990 ᠣᠨ ᠠᠴᠠ ᠡᠬᠢᠯᠡᠨ ᠢᠯᠡᠷᠡᠵᠦ᠂1990 ᠣᠨ ᠠᠴᠠ 2008 ᠣᠨ ᠪᠣᠯᠲᠠᠯᠠᠬᠢ ᠬᠤᠭᠤᠴᠠᠭᠠᠨ ᠳᠤ᠂ ᠢ ᠯᠢ ᠪᠠᠷ ᠲᠥᠯᠦᠭᠡᠯᠡᠭᠦᠯᠦᠭᠰᠡᠨ ᠳᠤᠮᠳᠠᠳᠤ ᠤᠯᠤᠰ ᠤᠨ ᠰᠦ ᠶᠢᠨ ᠠᠵᠤ ᠠᠬᠤᠶᠢᠯᠠᠯ ᠨᠢ ᠡᠬᠢᠯᠡᠨ ᠭᠦᠨᠵᠡᠭᠡᠶ ᠪᠠᠶᠢᠷᠢᠰᠢᠯᠠᠵᠤ᠂ ᠳᠠᠷᠠᠭ᠎ᠠ ᠨᠢ ᠲᠤᠰᠬᠠᠶ ᠠᠰᠢᠭ ᠤᠨ ᠶᠡᠷᠦᠩᠬᠡᠶ ᠲᠤᠭ᠎ᠠ ᠨᠢ 2010 ᠣᠨ ᠠᠴᠠ 2017 ᠤᠨ ᠪᠣᠯᠲᠠᠯ᠎ᠠ ᠳᠡᠯᠪᠡᠷᠡᠩᠭᠦᠢ ᠨᠡᠮᠡᠭᠳᠡᠬᠦ ᠬᠠᠨᠳᠤᠰᠢ ᠲᠠᠢ ᠪᠣᠯᠪᠠ᠃ ᠡᠭᠦᠨ ᠤ ᠬᠠᠮᠲᠤ᠂ ᠴᠠᠭᠠᠨ ᠭᠠᠳᠠᠷᠲᠤ ᠪᠢᠴᠢᠭ ᠲᠤ ᠪᠠᠰᠠ ᠪᠥᠬᠦ ᠪᠥᠮᠪᠥᠷᠴᠡᠭ ᠤᠨ ᠡᠬᠡ ᠨᠢᠯᠬᠠᠰ ᠤᠨ ᠰᠢᠮ᠎ᠡ ᠲᠡᠵᠢᠭᠡᠯ ᠤᠨ ᠰᠤᠳᠤᠯᠭᠠᠨ ᠤ ᠡᠮᠦᠨ᠎ᠡ ᠵᠠᠬ᠎ᠠ ᠶᠢᠨ ᠬᠠᠨᠳᠤᠰᠢ — ᠮᠡᠷᠭᠡᠵᠢᠯ ᠤᠨ ᠰᠠᠯᠪᠤᠷᠢ ᠲᠤᠰᠬᠠᠶ ᠠᠰᠢᠭ ᠭᠤᠶᠤᠴᠢᠯᠠᠬᠤ ᠬᠠᠨᠳᠤᠰᠢ ᠠᠴᠠ ᠠᠪᠴᠤ ᠦᠵᠡᠪᠡᠯ᠂ ᠣᠳᠣᠬᠠᠨ ᠳᠤ ᠰᠢᠷ᠎ᠠ ᠰᠦᠨ ᠤ ᠤᠭᠤᠷᠠᠭ᠂ ᠪᠦᠲᠦᠴᠡ ᠶᠢᠨ ᠥᠭᠡᠬᠦ ᠡᠳ᠋᠂ ᠳᠣᠣᠷ᠎ᠠ ᠪᠥᠭᠡᠮᠨᠡᠷᠡᠯᠲᠦ ᠰᠢᠬᠢᠷ ᠵᠡᠷᠭᠡ ᠨᠢ ᠪᠥᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠬᠦᠷᠢᠶ᠎ᠡ ᠴᠠᠷᠠᠭ᠎ᠠ ᠪᠠᠶᠢᠵᠤ᠂ ᠲᠤᠰᠬᠠᠶ ᠠᠰᠢᠭ ᠤᠨ ᠭᠤᠶᠤᠴᠢᠯᠠᠯ ᠤᠨ ᠲᠤᠭ᠎ᠠ ᠬᠡᠮᠵᠢᠶᠡᠨ ᠤ ᠳᠡᠭᠡᠭᠰᠢᠯᠡᠬᠦ ᠬᠠᠨᠳᠤᠰᠢ ᠢᠯᠡᠷᠬᠡᠶ ᠪᠠᠶᠢᠨ᠎ᠠ᠂ ᠡᠲᠡᠭᠡᠷ ᠰᠢᠮ᠎ᠡ ᠲᠡᠵᠢᠭᠡᠯ ᠤᠨ ᠡᠳ᠋ ᠨᠢ ᠴᠦ ᠬᠥᠮᠦᠨ ᠲᠥᠷᠥᠯᠬᠢᠲᠡᠨ ᠤ ᠡᠬᠡ ᠶᠢᠨ ᠰᠦ ᠶᠢᠨ ᠨᠢᠭᠤᠴᠠ ᠶᠢ ᠭᠦᠨᠵᠡᠭᠡᠶ ᠬᠠᠶᠢᠨ ᠰᠦᠪᠡᠭᠴᠢᠯᠡᠬᠦ ᠳᠤ ᠵᠠᠶᠢᠯᠠᠰᠢ ᠥᠬᠡᠶ ᠶᠠᠪᠤᠬᠤ ᠵᠠᠮ ᠪᠣᠯᠤᠨ᠎ᠠ︔ ᠦᠷ᠎ᠡ ᠪᠦᠲᠦᠮᠵᠢ ᠶᠢᠨ ᠲᠤᠰᠬᠠᠶ ᠠᠰᠢᠭ ᠤᠨ ᠭᠤᠶᠤᠴᠢᠯᠠᠯ ᠤᠨ ᠬᠠᠨᠳᠤᠰᠢ ᠠᠴᠠ ᠦᠵᠡᠪᠡᠯ᠂ ᠣᠳᠣᠬᠠᠨ ᠳᠤ ᠠᠵᠢᠯ ᠲᠥᠷᠥᠯ ᠤᠨ ᠰᠤᠳᠤᠯᠭᠠᠨ ᠤ ᠭᠤᠤᠯᠳᠠᠯᠭ᠎ᠠ ᠪᠣᠯᠤᠨ ᠬᠠᠯᠠᠭᠤᠨ ᠴᠡᠭ ᠨᠢ ᠮᠥᠨ ᠬᠦ ᠭᠡᠳᠡᠰᠦᠨ ᠤ ᠡᠷᠡᠭᠦᠯ ᠮᠡᠨᠳᠦ᠂ ᠡᠭᠡᠯᠢᠯᠡᠭᠡ ᠶᠢᠨ ᠴᠢᠳᠠᠮᠵᠢ᠂ ᠲᠠᠷᠢᠬᠢᠨ ᠤ ᠪᠤᠶᠢᠵᠢᠯᠲᠠ᠂ ᠰᠢᠩᠭᠡᠭᠡᠨ ᠠᠪᠬᠤ ᠳᠥᠷᠪᠡᠨ ᠶᠡᠭᠡ ᠲᠠᠯ᠎ᠠ ᠳᠤ ᠲᠥᠪᠯᠡᠷᠡᠵᠦ ᠪᠠᠶᠢᠨ᠎ᠠ᠃
︽ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠪᠦᠬᠦ ᠪᠥᠮᠪᠥᠷᠴᠡᠭ ᠤᠨ ᠲᠤᠰᠬᠠᠢ ᠠᠰᠢᠭ ᠤᠨ ᠣᠳᠣᠬᠢ ᠪᠠᠶᠢᠳᠠᠯ ᠬᠢᠭᠡᠳ ᠬᠠᠨᠳᠤᠰᠢ ᠶᠢᠨ ᠴᠠᠭᠠᠨ ᠭᠠᠳᠠᠷᠲᠤ ᠪᠢᠴᠢᠭ︾ ᠢ ᠨᠡᠶᠢᠲᠡᠯᠡᠭᠰᠡᠨ ᠨᠢ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠢᠶᠠᠨ ᠬᠦᠴᠦᠷᠬᠡᠭᠵᠢᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠪᠠᠷ ᠡᠭᠦᠷᠭᠡ ᠪᠣᠯᠭᠠᠭᠰᠠᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠢᠯᠡᠷᠡᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠨᠢᠭᠡᠨᠲᠡ ᠠᠵᠤ ᠠᠬᠤᠶᠢᠯᠠᠯ ᠪᠠ ᠤᠯᠤᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠪᠠᠶᠢᠭᠤᠯᠬᠤ ᠰᠠᠭᠤᠷᠢ ᠪᠣᠯᠵᠤ᠂ ᠢᠷᠡᠭᠡᠳᠦᠢ ᠳᠤ ᠬᠠᠨᠳᠤᠵᠤ᠂ ᠰᠦ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠠᠴᠠ ᠠᠵᠢᠯ ᠲᠥᠷᠥᠯ ᠤᠨ ᠬᠥᠭᠵᠢᠯᠲᠡ ᠶᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠳᠤ ᠦᠷᠭᠦᠯᠵᠢᠯᠡᠨ ᠴᠢᠳᠠᠪᠤᠷᠢ ᠣᠯᠭᠤᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠢᠶᠠᠨ ᠮᠠᠨᠳᠤᠭᠤᠯᠬᠤ᠂ ᠲᠤᠰᠬᠠᠢ ᠠᠰᠢᠭ ᠢᠶᠠᠷ ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠪᠠ᠃
ᠣᠳᠣᠬᠠᠨ ᠳᠤ᠂ ᠪᠥᠬᠦ ᠣᠷᠣᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ 10 ᠪᠠᠶᠢᠭᠤᠯᠤᠨ ᠪᠠᠶᠢᠷᠢᠯᠠᠭᠤᠯᠬᠤ᠂ ᠤᠯᠤᠰ ᠤᠨ ᠲᠠᠰ ᠤᠨ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ 2 ᠪᠠᠶᠢᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠤᠨ ᠪᠣᠳᠠᠲᠠᠶᠢᠵᠢᠵᠤ ᠬᠦᠴᠦᠨ ᠲᠠᠢ ᠪᠣᠯᠬᠤ ᠶᠢ ᠠᠬᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠤᠨ ᠦᠢᠯᠡᠳᠦᠯ ᠢ ᠡᠷᠴᠢᠮ ᠢᠶᠠᠨ ᠴᠢᠩᠭᠠᠷᠠᠭᠤᠯᠤᠨ ᠪᠠᠳᠠᠷᠠᠭᠤᠯᠵᠤ᠂ ᠲᠤᠰᠬᠠᠶ ᠠᠰᠢᠭ ᠤᠨ ᠠᠵᠤ ᠦᠶᠢᠯᠡᠰᠵᠢᠯᠲᠡ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠨ ᠴᠢᠳᠠᠯ ᠢᠶᠠᠨ ᠡᠷᠭᠦᠨ᠎ᠡ᠃