ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠤ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/6/19

    6 ᠳ᠋ᠤᠭᠠᠷ ᠰᠠᠷ᠎ᠠ ᠶᠢᠨ 14 ᠤ ᠡᠳᠦᠷ ᠠᠴᠠ 7 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ 2024 ᠣᠨ ᠤ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠭᠢᠯᠡᠪᠡ᠃


6-19-要闻-轮播图.jpg

    

    6 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠢᠩ ᠶᠦᠨ ᠹᠸᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠨᠠᠰᠤᠨᠪᠠᠶᠠᠷ ᠤᠭᠲᠤᠯᠭ᠎ᠠ ᠶᠢᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠥᠬᠦᠶ ᠳᠡᠭᠡᠳᠦ ᠰᠤᠷᠭᠠᠭᠤᠯᠢ ᠰᠠᠯᠪᠤᠷᠢ ᠶᠢᠨ ᠬᠠᠷᠢᠭᠤᠴᠠᠯᠭᠠᠲᠠᠨ ᠵᠢᠴᠢ ᠪᠣᠯᠪᠠᠰᠤᠷᠠᠯ ᠳᠤ ᠣᠷᠣᠯᠴᠠᠭᠰᠠᠨ ᠪᠥᠬᠦ ᠰᠤᠷᠤᠭᠴᠢᠳ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃

    ᠲᠣᠰ ᠤᠳᠠᠭᠠᠨ ᠤ ᠪᠣᠯᠪᠠᠰᠤᠷᠠᠯ ᠨᠢ 35 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠷᠢᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠪᠣᠯᠪᠠᠰᠤᠷᠠᠯ ᠪᠠᠶᠢᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ᠂ ᠦᠢᠯᠡᠳᠦᠯᠭᠡ ᠶᠢᠨ ᠠᠵᠢᠯᠯᠠᠭ᠎ᠠ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ ᠤᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠬᠠᠶ ᠴᠢᠬᠤᠯᠠ ᠥᠭᠦᠯᠡᠯᠲᠡ ︵ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠰᠡᠭ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠬᠡᠷᠡᠭᠵᠢᠭᠦᠯᠬᠦ ᠲᠦᠷᠢᠮ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠲᠠᠭᠠᠯ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠵᠢᠷᠤᠭ ᠲᠥᠯᠥᠪᠯᠡᠭᠡ ᠬᠢᠨᠠᠨ ᠪᠠᠶᠢᠴᠠᠭᠠᠯᠲᠠ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ᠂ ᠢᠳᠡᠭᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠳᠤ   ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠵᠢᠭᠠᠨ ᠲᠠᠶᠢᠯᠪᠤᠷᠢᠯᠠᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠪᠣᠯ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠳᠡᠭᠡᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ 45 ᠨᠠᠰᠤᠨ ᠠᠴᠠ ᠳᠣᠷᠣᠭᠰᠢᠬᠢ ᠺᠠᠳ᠋ᠷ ᠪᠣᠯᠤᠨ᠎ᠠ᠃

    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠤᠨ ᠠᠵᠠ ᠲᠣᠬᠢᠶᠠᠯ ᠢ ᠨᠠᠨᠳᠢᠩᠨᠠᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠵᠤ᠂ ᠬᠢᠴᠢᠶᠡᠯ ᠤᠨ ᠲᠠᠩᠬᠢᠮ ᠳᠤ ᠰᠣᠷᠣᠭᠰᠠᠨ ᠮᠡᠳᠡᠯᠭᠡ ᠪᠠᠨ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡᠳᠦᠯᠭᠡ ᠳᠤ ᠴᠢᠷᠮᠠᠶᠢᠨ ᠠᠭᠤᠰᠤᠯᠴᠠᠭᠤᠯᠵᠤ᠂ ᠠᠵᠢᠯ ᠤᠨ ᠪᠠᠶᠢᠷᠢ ᠶᠢᠨ ᠪᠣᠳᠠᠲᠠᠢ ᠳᠤ ᠰᠠᠭᠤᠷᠢᠯᠠᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠣᠷᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map